1 - 5 ᠳ᠋ᠤᠭᠠᠷ ᠰᠠᠷ᠎ᠠ  ᠶᠢᠨ ᠬᠢᠶ᠎ᠠ ᠪᠠᠭᠰᠢ ᠲᠤᠭᠤᠷᠢᠭ ᠤᠨ ᠲᠣᠭᠲᠠᠮᠠᠯ ᠪᠡᠯᠡ ᠣᠷᠣᠭᠤᠯᠤᠯᠲᠠ ᠶᠢᠨ ᠨᠡᠮᠡᠭᠳᠡᠯ ᠪᠠᠲᠤᠯᠠᠵᠤ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠰᠡᠷᠭᠦᠪᠡ
ᠨᠡᠶᠢᠲᠡᠯᠡᠭᠰᠡᠨ ᠴᠠᠭ᠄
2024/7/25
    ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ ᠪᠠᠲᠤᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠶᠢᠨ ᠳᠠᠶᠢᠴᠢᠯᠠᠯᠲᠠ  ᠢᠯᠡᠳᠲᠡ ᠪᠤᠯᠪᠠ᠃ ᠳᠡᠭᠡᠷ᠎ᠡ ᠬᠠᠭᠠᠰ ᠵᠢᠯ ᠳᠤ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 15.1 % ᠪᠠᠷ ᠨᠡᠮᠡᠭᠳᠡᠵᠦ᠂ ᠪᠥᠬᠦ ᠬᠤᠲᠠ ᠳᠤ ᠲᠠᠪᠤᠳᠤᠭᠠᠷ ᠲᠤ ᠣᠷᠣᠵᠤ᠂  ᠳᠡᠭᠡᠷ᠎ᠡ ᠰᠠᠷ᠎ᠠ ᠲᠠᠢ ᠠᠳᠠᠯᠢᠳᠬᠠᠪᠠᠯ   ᠬᠠᠷᠢᠴᠠᠭᠤᠯᠤᠭᠰᠠᠨ ᠨᠡᠮᠡᠭᠳᠡᠯ  ᠨᠢ 9.9 ᠵᠠᠭᠤᠨ ᠤ ᠨᠢᠭᠡᠴᠢ  ᠪᠤᠯᠵᠤ᠂ ᠬᠤᠶᠠᠷ ᠪᠠᠶᠢᠷᠢ ᠲᠠᠰ ᠳᠡᠭᠡᠭᠰᠢᠯᠡᠪᠡ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠤᠨ ᠲᠤᠯᠭᠠᠭᠤᠷᠢᠯᠠᠬᠤ ᠬᠦᠴᠦᠨ ᠴᠢᠩᠭᠠᠷᠠᠪᠠ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ  ᠵᠦᠢᠯ ᠠᠳᠠᠯᠢ ᠬᠤᠭᠤᠴᠠᠭᠠᠨ ᠤ ᠬᠢ ᠠᠴᠠ 23.05% ᠪᠠᠷ ᠨᠡᠮᠡᠭᠳᠡᠵᠦ᠂ ᠪᠠᠯᠠ ᠣᠷᠣᠭᠤᠯᠤᠯᠲᠠ ᠶᠢ ᠳᠠᠶᠢᠴᠢᠯᠠᠨ 21.44 ᠵᠠᠭᠤᠨ ᠤ ᠨᠢᠭᠡᠴᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ 99.4% ᠳᠤ ᠬᠥᠷᠪᠡ᠃ ᠠᠷᠠᠳ ᠤᠨ ᠪᠡᠯᠡ  ᠤᠷᠤᠭᠤᠯᠤᠯᠲᠠ  ᠶᠢᠨ ᠠᠮᠢᠵᠢᠷᠠᠯ ᠤᠨ ᠬᠦᠴᠦᠨ ᠦᠷᠭᠦᠯᠵᠢᠯᠡᠨ ᠴᠢᠩᠭᠠᠷᠠᠪᠠ᠃ ᠠᠷᠠᠳ ᠤᠨ ᠳᠤᠮᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠠᠴᠠ 21.9%  ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢ 16.5 ᠵᠠᠭᠤᠨ ᠤ ᠨᠢᠭᠡᠴᠢ ᠪᠠᠷ ᠨᠡᠮᠡᠭᠳᠡᠭᠦᠯᠪᠡ᠃ ᠡᠭᠦᠨ ᠳᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25% ᠪᠠᠷ ᠨᠡᠮᠡᠭᠳᠡᠵᠦ᠂ 47 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠪᠠᠯᠠ ᠣᠷᠣᠭᠤᠯᠤᠯᠲᠠ ᠶᠢ 19.8 ᠵᠠᠭᠤᠨ ᠤ ᠨᠢᠭᠡᠴᠢ ᠳᠠᠶᠢᠴᠢᠯᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠪᠣᠷᠣᠯᠠᠭᠤᠯᠭ᠎ᠠ ᠶᠢᠨ ᠲᠠᠯᠠᠪᠠᠶ ᠠᠳᠠᠯᠢ ᠬᠤᠭᠤᠴᠠᠭᠠᠨ ᠤ ᠬᠢ ᠠᠴᠠ 129.3% ᠪᠠᠷ ᠨᠡᠮᠡᠭᠳᠡᠪᠡ ᠃ ᠬᠤᠳᠠᠯᠳᠤᠭᠠᠨ ᠤ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 258.4% ᠪᠠᠷ ᠨᠡᠮᠡᠭᠳᠡᠵᠦ᠂ ᠪᠠᠯᠠ ᠣᠷᠣᠭᠤᠯᠤᠯᠲᠠ ᠶᠢᠨ ᠨᠡᠮᠡᠭᠳᠡᠯ ᠢ 10.4 ᠵᠠᠭᠤᠨ ᠤ ᠨᠢᠭᠡᠴᠢ ᠳᠠᠶᠢᠴᠢᠯᠠᠪᠠ᠃    ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠰᠡᠷᠭᠦᠵᠦ᠂ ᠬᠡᠷᠡᠭᠯᠡᠭᠡᠨ ᠤ ᠳᠡᠰ ᠳᠡᠪᠰᠢᠬᠦ ᠶᠢ ᠯᠠᠪᠳᠠᠭᠤᠨ ᠢᠶᠠᠷ ᠠᠬᠢᠭᠤᠯᠪᠠ᠃ ᠳᠡᠭᠡᠷ᠎ᠡ ᠬᠠᠭᠠᠰ ᠵᠢᠯ ᠳᠤ᠂ ᠪᠥᠬᠦ  ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 40.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠥᠷᠪᠡᠳᠦᠭᠡᠷ ᠲᠤ ᠣᠷᠣᠵᠤ᠂ ᠳᠡᠭᠡᠷ᠎ᠡ ᠰᠠᠷ᠎ᠠ ᠶᠢᠨ ᠬᠢ ᠠᠴᠠ 1.7 ᠵᠠᠭᠤᠨ ᠤ ᠨᠢᠭᠡᠴᠢ ᠨᠡᠮᠡᠭᠳᠡᠵᠦ᠂ 4 ᠨᠡᠷᠡᠰ ᠳᠡᠭᠡᠭᠰᠢᠯᠡᠵᠡᠶ᠃ ᠨᠡᠶᠢᠭᠡᠮ ᠤᠨ ᠬᠡᠷᠡᠭᠯᠡᠭᠡᠨ ᠤ ᠵᠦᠢᠯ ᠵᠢᠵᠢᠭᠯᠡᠨ ᠬᠤᠳᠠᠯᠳᠤᠬᠤ ᠪᠦᠬᠦ ᠲᠤᠭ᠎ᠠ 38 ᠰᠠᠷ᠎ᠠ ᠳᠠᠷᠠᠭᠠᠯᠠᠨ ᠪᠦᠬᠦ ᠬᠤᠲᠠ ᠶᠢᠨ ᠡᠮᠦᠨ᠎ᠡ ᠭᠤᠷᠪᠠ ᠳᠤ ᠣᠷᠣᠪᠠ᠃ ᠳᠡᠭᠡᠷ᠎ᠡ ᠬᠠᠭᠠᠰ ᠵᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 5.2% ᠢᠶᠠᠷ ᠨᠡᠮᠡᠭᠳᠡᠪᠡ᠃ ᠡᠭᠦᠨ ᠳᠤ᠂ ᠵᠠᠮ ᠬᠠᠷᠢᠯᠴᠠᠭᠠᠨ ᠤ ᠭᠠᠳᠠᠭᠰᠢ ᠭᠠᠷᠬᠤ ᠲᠥᠷᠥᠯ ᠤᠨ ᠲᠠᠸᠠᠷ ᠤᠨ ᠲᠤᠯᠭᠠᠭᠤᠷᠢᠯᠠᠯ ᠬᠦᠴᠦᠲᠡᠶ ᠪᠠᠶᠢᠨ᠎ᠠ᠃ ᠮᠠᠰᠢᠨ ᠲᠡᠷᠭᠡᠨ ᠤ ᠲᠥᠷᠥᠯ᠂ ᠴᠢᠯᠠᠭᠤᠨ ᠲᠣᠰᠣᠨ ᠤ ᠪᠦᠲᠦᠭᠡᠭᠳᠡᠬᠦᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠣᠰ ᠲᠣᠰ 136.1%᠂ 3.7% ᠪᠠᠷ ᠨᠡᠮᠡᠭᠳᠡᠵᠦ᠂ ᠲᠣᠰ ᠲᠣᠰ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢ ᠳᠠᠶᠢᠴᠢᠯᠠᠨ 16.4 ᠪᠠ 3.6 ᠵᠠᠭᠤᠨ ᠤ  ᠨᠢᠭᠡᠴᠢ ᠨᠡᠮᠡᠭᠳᠡᠭᠦᠯᠪᠡ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 151.8% ᠨᠡᠮᠡᠭᠳᠡᠵᠦ᠂ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ 98.9% ᠶᠢ ᠡᠵᠡᠯᠡᠪᠡ᠃ ᠬᠡᠷᠡᠭᠯᠡᠭᠡᠨ ᠤ ᠳᠡᠰ ᠳᠡᠪᠰᠢᠬᠦ ᠶᠢ ᠯᠠᠪᠳᠠᠭᠤᠨ ᠢᠶᠠᠷ ᠠᠬᠢᠭᠤᠯᠪᠠ᠃ ᠬᠡᠷᠡᠭᠯᠡᠭᠡᠨ ᠤ ᠬᠢᠷᠢ ᠲᠦᠪᠰᠢᠨ ᠤ ᠲᠠᠰᠤᠷᠠᠯᠲᠠ ᠥᠬᠡᠶ ᠳᠡᠭᠡᠭᠰᠢᠯᠡᠬᠦ ᠶᠢ ᠳᠠᠭᠠᠯᠳᠤᠨ᠂ ᠰᠠᠭᠤᠭᠠᠯᠢ ᠠᠷᠠᠳ ᠤᠨ ᠬᠡᠷᠡᠭᠯᠡᠭᠡ ᠲᠠᠰ ᠳᠡᠪᠰᠢᠬᠦ ᠬᠠᠨᠳᠤᠰᠢ ᠢᠯᠡᠷᠬᠡᠶ ᠪᠣᠯᠵᠣ᠂  ᠭᠤᠶᠤᠯᠠᠯ ᠤᠨ ᠡᠳ᠋ ᠤᠨ ᠲᠥᠷᠥᠯ᠂ ᠤᠶᠤᠨᠲᠤ ᠬᠡᠷ ᠤᠨ ᠴᠠᠬᠢᠯᠭᠠᠨ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠯᠲᠠ ᠲᠣᠰ ᠲᠣᠰ 33.3%᠂ 55.1% ᠪᠠᠷ ᠨᠡᠮᠡᠭᠳᠡᠪᠡ᠃ ᠢᠨᠲ᠋ᠧᠷ ᠰᠦᠯᠵᠢᠶ᠎ᠡ ᠶᠢᠨ ᠬᠡᠷᠡᠭᠯᠡᠭᠡ ᠲᠠᠰᠤᠷᠠᠯᠲᠠ ᠦᠭᠡᠢ ᠳᠡᠭᠡᠭᠰᠢᠯᠡᠪᠡ᠃ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠨ ᠪᠡᠶᠡᠯᠡᠭᠦᠯᠦᠭᠰᠡᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠠᠴᠠ 167.5% ᠨᠡᠮᠡᠭᠳᠡᠭᠰᠡᠨ ᠪᠠᠶᠢᠨ᠎ᠠ᠃
ᠢᠷᠡᠯᠲᠡ᠄ ᠳᠣᠰ ᠰᠦᠯᠵᠢᠶ᠎ᠡ