1 - 5 ᠳ᠋ᠤᠭᠠᠷ ᠰᠠᠷ᠎ᠠ  ᠶᠢᠨ ᠬᠢᠶ᠎ᠠ ᠪᠠᠭᠰᠢ ᠲᠤᠭᠤᠷᠢᠭ ᠤᠨ ᠰᠠᠭᠤᠭᠠᠯᠢ ᠠᠷᠠᠳ ᠤᠨ ᠤᠷᠤᠯᠭ᠎ᠠ ᠲᠤᠭᠲᠠᠭᠤᠨ ᠢᠶᠠᠷ  ᠨᠡᠮᠡᠭᠳᠡᠵᠦ ᠮᠥᠩᠭᠦᠨ ᠭᠦᠢᠯᠭᠡᠭᠡᠨ ᠤ ᠡᠳ᠋ ᠤᠨ ᠵᠠᠰᠠᠭ ᠤᠨ ᠲᠤᠯᠭᠠᠭᠤᠷᠢᠯᠠᠯ ᠨᠢ ᠬᠦᠴᠦᠲᠡᠢ ᠪᠤᠯᠪᠠ
ᠨᠡᠶᠢᠲᠡᠯᠡᠭᠰᠡᠨ ᠴᠠᠭ᠄
2024/7/25
    ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠰᠠᠭᠤᠭᠠᠯᠢ ᠠᠷᠠᠳ ᠤᠨ ᠬᠡᠷᠡᠭᠯᠡᠭᠡ ᠲᠣᠭᠲᠠᠭᠤᠨ ᠢᠶᠠᠷ ᠰᠠᠶᠢᠵᠢᠷᠠᠪᠠ᠃ ᠳᠡᠭᠡᠷ᠎ᠡ ᠬᠠᠭᠠᠰ ᠵᠢᠯ ᠳᠤ᠂ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 30551 ᠲᠥᠭᠦᠷᠢᠭ ᠲᠤ ᠬᠦᠷᠴᠦ᠂  ᠨᠡᠷᠡᠯᠡᠭᠰᠡᠨ ᠨᠡᠮᠡᠭᠳᠡᠯ4.2% ᠬᠦᠷᠴᠤ᠂ ᠪᠦᠬᠦ ᠬᠤᠲᠠ ᠶᠢᠨ ᠨᠡᠷᠡᠰ ᠤᠨ ᠵᠢᠭᠰᠠᠭᠠᠯᠲᠠ ᠠᠴᠠ ᠦᠵᠡᠪᠡᠯ᠂ ᠬᠠᠷᠢᠴᠠᠯᠠᠰᠢ ᠦᠭᠡᠢ  ᠬᠡᠮᠵᠢᠭᠳᠡᠯ ᠨᠢ ᠪᠦᠬᠦ ᠬᠤᠲᠠ ᠶᠢᠨ ᠨᠢᠭᠡᠳᠦᠭᠡᠷ ᠲᠤ ᠵᠢᠭᠰᠠᠭᠠᠭᠳᠠᠪᠠ᠃ 2018 ᠣᠨ ᠠᠴᠠ ᠡᠬᠢᠯᠡᠨ᠂ ᠮᠠᠨ ᠤ  ᠲᠤᠭᠤᠷᠢᠭ ᠤᠨ  ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠥᠬᠦ ᠬᠤᠲᠠ ᠶᠢᠨ ᠡᠮᠦᠨ᠎ᠡ ᠬᠤᠶᠠᠷ ᠨᠡᠷᠡᠰ ᠲᠤ ᠲᠣᠭᠲᠠᠪᠤᠷᠢᠵᠢᠪᠠ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 31352 ᠲᠥᠭᠦᠷᠢᠭ ᠲᠤ ᠬᠦᠷᠴᠦ᠂  ᠨᠡᠷᠡᠯᠡᠭᠰᠡᠨ  ᠨᠡᠮᠡᠭᠳᠡᠯ 4.1% ᠬᠦᠷᠴᠦ᠂ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠠᠴᠠ ᠦᠵᠡᠪᠡᠯ᠂ ᠬᠠᠷᠢᠴᠠᠯᠠᠰᠢ ᠥᠬᠡᠶ  ᠬᠡᠮᠵᠢᠭᠳᠡᠯ ᠨᠢ ᠪᠥᠬᠦ ᠬᠤᠲᠠ ᠶᠢᠨ ᠭᠤᠷᠪᠠᠳᠤᠭᠠᠷ ᠲᠤ ᠣᠷᠣᠪᠠ᠃ ᠪᠥᠬᠦ ᠬᠤᠲᠠ ᠶᠢᠨ ᠪᠠᠶᠢᠳᠠᠯ ᠠᠴᠠ ᠦᠵᠡᠪᠡᠯ᠂ ᠮᠠᠨ ᠤ ᠲᠤᠭᠤᠷᠢᠭ ᠠᠩᠬᠠᠳᠠᠭᠴᠢ ᠬᠠᠭᠠᠰ ᠵᠢᠯ ᠤᠨ ᠪᠥᠬᠦ ᠰᠠᠭᠤᠭᠠᠯᠢ ᠠᠷᠠᠳ ᠤᠨ ᠣᠷᠣᠯᠭ᠎ᠠ 3 ᠲᠦᠮᠡᠨ ᠲᠥᠭᠦᠷᠢᠭ ᠢ ᠳᠠᠪᠠᠭᠰᠠᠨ ᠬᠤᠰᠢᠭᠤ ᠲᠣᠭᠤᠷᠢᠭ  ᠪᠤᠯᠪᠠ᠃    ᠮᠥᠩᠭᠦᠨ ᠭᠦᠢᠯᠭᠡᠭᠡᠨ ᠤ ᠡᠳ᠋ ᠤᠨ ᠵᠠᠰᠠᠭ ᠤᠨ ᠲᠤᠯᠭᠠᠭᠤᠷᠢᠯᠠᠯ ᠬᠦᠴᠦᠲᠡᠢ ᠪᠠᠶᠢᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠦᠷᠭᠦᠯᠵᠢᠯᠡᠨ ᠨᠡᠮᠡᠭᠳᠡᠪᠡ᠃ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠲᠣᠭᠲᠠᠭᠤᠨ ᠢᠶᠠᠷ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠪᠦᠬᠦ  ᠲᠤᠭᠤᠷᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ  ᠠᠷᠠᠳ ᠤᠨ ᠵᠤᠭᠤᠰ ᠪᠠ ᠭᠠᠳᠠᠭᠠᠳᠤ ᠶᠢᠨ ᠵᠣᠭᠤᠰ ᠤᠨ ᠡᠯ᠎ᠡ ᠵᠦᠢᠯ ᠤᠨ  ᠵᠢᠭᠡᠯᠡᠯᠭᠡ ᠶᠢᠨ ᠦᠯᠡᠳᠡᠪᠦᠷᠢ 623.05 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 51.4 ᠳ᠋ᠦᠩᠰᠢᠭᠤᠷ ᠲᠥᠭᠦᠷᠢᠭ  ᠨᠡᠮᠡᠭᠳᠡᠵᠦ᠂17.87 % ᠪᠠᠷ ᠨᠡᠮᠡᠭᠳᠡᠪᠡ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ  ᠠᠷᠠᠳ ᠤᠨ ᠵᠤᠭᠤᠰ  ᠪᠠ ᠭᠠᠳᠠᠭᠠᠳᠤ ᠶᠢᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 269.4 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 25.06 ᠳ᠋ᠦᠩᠰᠢᠭᠤᠷ ᠲᠥᠭᠦᠷᠢᠭ ᠨᠡᠮᠡᠭᠳᠡᠵᠦ᠂ 34.99 % ᠪᠠᠷ ᠨᠡᠮᠡᠭᠳᠡᠪᠡ᠃ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠪᠠᠲᠤᠯᠠᠭ᠎ᠠ ᠬᠦᠴᠦᠲᠡᠢ ᠪᠠᠶᠢᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ᠂ ᠪᠥᠬᠦ  ᠲᠤᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 6.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.4% ᠪᠠᠷ ᠪᠠᠭᠤᠷᠠᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 18.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.9% ᠨᠡᠮᠡᠭᠳᠡᠪᠡ᠃ ᠡᠭᠦᠨ ᠳᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ 35.3% ᠪᠠᠷ ᠨᠡᠮᠡᠭᠳᠡᠪᠡ᠃
ᠢᠷᠡᠯᠲᠡ᠄ ᠳᠣᠰ ᠰᠦᠯᠵᠢᠶ᠎ᠡ