ᠬᠢᠶ᠎ᠠ ᠪᠠᠭᠰᠢ ᠲᠣᠭᠤᠷᠢᠭ ᠦᠨᠡᠨᠴᠢ ᠢᠲᠡᠭᠡᠮᠵᠢᠲᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/3
    7 ᠰᠠᠷ᠎ᠠ ᠶᠢᠨ 1 ᠤ ᠡᠳᠦᠷ᠂ ᠬᠢᠶ᠎ᠠ ᠪᠠᠭᠰᠢ ᠲᠣᠭᠤᠷᠢᠭ ᠦᠨᠡᠨᠴᠢ ᠢᠲᠡᠭᠡᠮᠵᠢᠲᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠢ ᠡᠷᠭᠢᠯᠡᠪᠡ᠃    ᠬᠤᠷᠠᠯ ᠳᠡᠭᠡᠷ᠎ᠡ᠂ ᠳᠡᠳ᠋ ᠲᠣᠭᠤᠷᠢᠭ ᠤᠨ  ᠳᠠᠷᠤᠭ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ ᠬᠤᠤ ᠵᠢᠶ ᠵᠦᠩ ︽ᠦᠨᠡᠨᠴᠢ ᠢᠲᠡᠭᠡᠮᠵᠢᠲᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠰᠢᠯᠢᠳᠡᠭᠵᠢᠭᠦᠯᠵᠦ᠂ ᠬᠢᠶ᠎ᠠ ᠪᠠᠭᠰᠢ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠲᠤᠰᠬᠠᠶ ᠰᠡᠳᠦᠪ ᠢᠶᠠᠷ ᠬᠢᠴᠢᠶᠡᠯᠯᠡᠪᠡ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ  ᠤᠯᠠᠨ ᠨᠡᠶᠢᠲᠡ ᠶᠢᠨ ᠢᠲᠡᠭᠡᠮᠵᠢ ᠵᠡᠷᠭᠡ ᠳᠥᠷᠪᠡᠨ ᠲᠤᠰᠬᠠᠶ ᠠᠵᠢᠯ ᠤᠨ ᠳᠤᠭᠤᠶᠢᠯᠠᠩ ᠡᠯ᠎ᠡ ᠬᠦᠷᠢᠶᠡᠨ ᠤ ᠦᠨᠡᠨᠴᠢ ᠢᠲᠡᠭᠡᠮᠵᠢᠲᠤ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠪᠡ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠡᠨᠴᠢ ᠢᠲᠡᠭᠡᠮᠵᠢᠲᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠵᠢᠯ ᠤᠨ ᠰᠡᠳᠬᠢᠴᠡ ᠪᠠᠨ ᠪᠦᠬᠦ ᠲᠠᠯ᠎ᠠ ᠪᠠᠷ ᠥᠷᠭᠡᠳᠬᠡᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ  ᠤᠯᠠᠨ ᠨᠡᠶᠢᠲᠡ ᠶᠢᠨ ᠢᠲᠡᠭᠡᠮᠵᠢ ᠵᠡᠷᠭᠡ ᠲᠦᠷᠪᠡᠨ ᠬᠦᠷᠢᠶᠡᠨ ᠤ ᠭᠦᠢᠴᠡᠳᠬᠡᠬᠦ ᠲᠤᠭ᠎ᠠ ᠶᠢᠨ ᠡᠭᠦᠷᠭᠡ ᠶᠢ ᠴᠢᠩᠭ᠎ᠠ ᠠᠳᠬᠤᠵᠤ᠂ ᠬᠢᠶ᠎ᠠ ᠪᠠᠭᠰᠢ ᠲᠣᠭᠤᠷᠢᠭ ᠤᠨ ᠦᠨᠡᠨᠴᠢ ᠢᠲᠡᠭᠡᠮᠵᠢᠲᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠡᠮᠬᠢ ᠵᠢᠷᠤᠮ ᠲᠠᠢ ᠠᠬᠢᠭᠤᠯᠵᠤ᠂ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠵᠠᠷᠯᠠᠨ ᠮᠡᠳᠡᠭᠳᠡᠬᠦ᠂ ᠦᠨᠡᠯᠡᠨ ᠵᠢᠱᠢᠬᠦ᠂ ᠬᠢᠨᠠᠨ ᠵᠢᠯᠣᠭᠤᠳᠬᠤ ᠵᠡᠷᠭᠡ ᠲᠣᠭᠲᠠᠴᠠ ᠶᠢ ᠭᠦᠢᠴᠡᠳ ᠬᠡᠷᠡᠭᠯᠡᠨ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ ᠪᠠᠷ ᠳᠠᠮᠵᠢᠭᠤᠯᠤᠨ᠂  ᠵᠢᠷᠤᠭ ᠲᠦᠰᠦᠯ ᠢᠶᠠᠷ ᠠᠵᠢᠯᠯᠠᠬᠤ ᠪᠠ ᠡᠬᠡ ᠲᠠᠩᠰᠠ ᠶᠢᠨ ᠬᠡᠯᠪᠡᠷᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠂ ᠣᠳᠣᠬᠠᠨ ᠳᠤ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠶ ᠲᠠᠯ᠎ᠠ ᠶᠢ ᠡᠮᠬᠢᠯᠡᠨ ᠪᠠᠶᠢᠴᠠᠭᠠᠵᠤ᠂ ᠳᠤᠲᠠᠭᠳᠠᠯ ᠢᠶᠠᠨ ᠴᠠᠭ ᠲᠤᠬᠠᠶ ᠳᠤᠨᠢ ᠪᠠᠶᠢᠴᠠᠭᠠᠨ ᠨᠥᠬᠦᠪᠥᠷᠢᠯᠡᠵᠦ᠂ ᠦᠨᠡᠨᠴᠢ ᠢᠲᠡᠭᠡᠮᠵᠢᠲᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠨᠡᠶᠢᠯᠡᠮᠡᠯ ᠬᠦᠴᠦᠨ ᠢ ᠪᠥᠬᠦ ᠲᠠᠯ᠎ᠠ ᠪᠠᠷ ᠪᠣᠶ ᠪᠣᠯᠭᠠᠬᠤ ᠬᠡᠷᠡᠭᠲᠡᠶ᠃  ᠨᠡᠷᠡᠲᠤ ᠲᠡᠮᠳᠡᠭ ᠤᠨ ᠤᠬᠠᠮᠰᠠᠷ ᠢ ᠪᠤᠢ ᠪᠣᠯᠭᠠᠵᠤ᠂ ︽ᠭᠡᠷᠡᠴᠢᠯᠡᠯ ᠦᠭᠡᠢ ᠬᠤᠳᠠ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ︾᠂ ︽  ᠳ᠋ᠦᠸᠧ ᠳ᠋ᠦᠸᠧ ᠫᠢᠩ︾ ᠵᠠᠩ ᠮᠣᠷᠠᠯ ᠤᠨ ᠬᠤᠷᠠᠮᠳᠤᠯ ᠵᠡᠷᠭᠡ ᠤᠨᠴᠠᠯᠢᠭᠳᠤ ᠦᠢᠯᠡᠳᠦᠯᠭᠡ ᠶᠢ ᠠᠰᠢᠭᠯᠠᠵᠤ᠂ ᠨᠠᠷᠢᠨ ᠬᠢᠨᠠᠮᠠᠭᠠᠢ ᠳ᠋ᠦᠩᠨᠡᠵᠦ᠂ ᠰᠠᠶᠢᠨ ᠠᠷᠭ᠎ᠠ ᠶᠢ ᠪᠣᠯᠪᠠᠰᠤᠷᠠᠭᠤᠯᠵᠤ᠂ ᠦᠨᠡᠨᠴᠢ ᠢᠲᠡᠭᠡᠮᠵᠢᠲᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠶ᠎ᠠ ᠪᠠᠭᠰᠢ ᠶᠢᠨ ᠬᠢᠯᠠᠰ ᠴᠡᠭ ᠢ ᠪᠠᠶᠢᠭᠤᠯᠵᠤ᠂ ᠨᠡᠩ ᠤᠯᠠᠨ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ︽ᠬᠢᠶ᠎ᠠ ᠪᠠᠭᠰᠢ ᠶᠢᠨ ᠲᠤᠷᠰᠢᠯᠭ᠎ᠠ︾ ᠶᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠳᠣᠰ ᠰᠦᠯᠵᠢᠶ᠎ᠡ