ᠰᠤᠷᠭᠠᠨ ᠬᠥᠮᠦᠵᠢᠯ ᠤᠨ ᠶᠠᠮᠤᠨ ᠠᠴᠠ ᠡᠯ᠎ᠡ ᠭᠠᠵᠠᠷ ᠤᠨ ᠥᠷᠨᠢᠭᠦᠯᠦᠭᠰᠡᠨ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠬᠢᠭᠡᠳ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠰᠬᠠᠢ ᠠᠵᠢᠯᠯᠠᠭ᠎ᠠ ᠳᠤ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠪᠠ
ᠨᠡᠶᠢᠲᠡᠯᠡᠭᠰᠡᠨ ᠴᠠᠭ᠄
2024/7/31
       ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠬᠢᠭᠡᠳ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ ᠣᠶᠢᠷ᠎ᠠ ᠳᠤ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠥᠷᠨᠢᠭᠦᠯᠦᠭᠰᠡᠨ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠬᠢᠭᠡᠳ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠰᠬᠠᠢ ᠠᠵᠢᠯᠯᠠᠭ᠎ᠠ ᠳᠤ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠪᠠ᠃       ᠮᠡᠳᠡᠭᠳᠡᠯ ᠳᠤ᠂ ᠡᠯ᠎ᠡ ᠰᠤᠷᠭᠠᠭᠤᠯᠢ ᠰᠣᠷᠣᠭᠴᠢ ᠶᠢᠨ ᠳᠣᠷᠣᠮᠵᠢᠯᠠᠯ ᠢ ᠵᠠᠰᠠᠬᠤ ᠵᠥᠪᠯᠡᠯ ᠪᠠᠶᠢᠭᠤᠯᠵᠤ᠂ ᠳᠣᠷᠣᠮᠵᠢᠯᠠᠯ ᠤᠨ ᠦᠢᠯᠡ ᠠᠵᠢᠯᠯᠠᠭ᠎ᠠ ᠶᠢ ᠮᠠᠭᠠᠳᠯᠠᠨ ᠲᠣᠭᠲᠠᠭᠠᠵᠤ᠂ ᠬᠠᠤᠯᠢ ᠲᠣᠭᠲᠠᠭᠠᠯ ᠶᠣᠰᠣᠭᠠᠷ ᠰᠶᠢᠳᠪᠦᠷᠢᠯᠡᠬᠦ ᠬᠡᠷᠡᠭᠲᠡᠢ᠃ ᠰᠤᠷᠭᠠᠭᠤᠯᠢ ᠶᠢᠨ ᠰᠠᠬᠢᠯᠭ᠎ᠠ ᠪᠠᠲᠤ ᠳᠦᠷᠢᠮ ᠲᠣᠭᠲᠠᠭᠠᠯ ᠢ ᠲᠣᠭᠲᠠᠭᠠᠨ ᠨᠠᠷᠢᠯᠢᠭᠵᠢᠭᠤᠯᠵᠤ᠂ ᠠᠳᠠᠯᠢ ᠪᠤᠰᠤ ᠳᠣᠷᠣᠮᠵᠢᠯᠠᠬᠤ ᠦᠢᠯᠡ ᠠᠵᠢᠯᠯᠠᠭ᠎ᠠ ᠶᠢᠨ ᠵᠣᠬᠢᠬᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠬᠡᠷᠡᠭᠲᠡᠢ᠃ ᠳᠣᠷᠣᠮᠵᠢᠯᠠᠯ ᠢ ᠰᠡᠷᠭᠡᠶᠢᠯᠡᠨ ᠵᠠᠰᠠᠬᠤ ᠤᠲᠠᠰᠤ᠂ ᠢᠮᠧᠯ ᠪᠣᠯᠣᠨ ᠬᠠᠤᠯᠢ ᠪᠠᠷ ᠵᠠᠰᠠᠬᠤ ᠳᠡᠳ᠋ ᠰᠤᠷᠭᠠᠭᠤᠯᠢ ᠶᠢᠨ ᠵᠠᠬᠢᠷᠤᠯ᠂ ᠠᠮᠤᠷ ᠲᠦᠪᠰᠢᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠰᠤᠷᠭᠠᠭᠤᠯᠢ ᠶᠢᠨ ᠤᠳᠤᠷᠢᠳᠤᠯᠭ᠎ᠠ ᠶᠢᠨ ᠤᠲᠠᠰᠤ ᠶᠢ ᠨᠡᠶᠢᠲᠡᠯᠡᠵᠦ᠂ ᠤᠲᠠᠰᠤ ᠢᠷᠡᠭᠦᠯᠵᠦ ᠲᠤᠰᠬᠠᠭᠰᠠᠨ ᠪᠠᠶᠢᠳᠠᠯ ᠳᠤ ᠠᠩᠬ᠎ᠠ ᠠᠰᠠᠭᠤᠭᠰᠠᠨ ᠨᠢ ᠬᠠᠷᠢᠭᠤᠴᠠᠬᠤ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠠᠩᠭᠢ ᠪᠦᠷᠢ ᠰᠤᠷᠤᠯᠭ᠎ᠠ ᠶᠢᠨ ᠬᠤᠭᠤᠴᠠᠭ᠎ᠠ ᠪᠦᠷᠢ ᠠᠳᠠᠭ ᠲᠠᠭᠠᠨ 2 ᠤᠳᠠᠭ᠎ᠠ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠭᠤᠣᠯ ᠰᠡᠳᠦᠪᠲᠦ ᠠᠩᠭᠢ ᠶᠢᠨ ᠬᠤᠷᠠᠯ ᠢ ᠵᠣᠬᠢᠶᠠᠨ ᠪᠠᠶᠢᠭᠤᠯᠵᠤ᠂ ᠰᠤᠷᠤᠭᠴᠢᠳ ᠲᠤ ᠳᠣᠷᠣᠮᠵᠢᠯᠠᠯ ᠢ ᠰᠡᠷᠭᠡᠶᠢᠯᠡᠬᠦ ᠮᠡᠳᠡᠯᠭᠡ ᠪᠠ ᠠᠷᠭ᠎ᠠ ᠶᠢ ᠡᠵᠡᠮᠰᠢᠭᠦᠯᠬᠦ ᠬᠡᠷᠡᠭᠲᠡᠢ᠃ ᠠᠰᠠᠷ ᠤᠨ ᠬᠤᠩᠭᠢᠯ᠂ ᠠᠰᠠᠷ ᠤᠨ ᠤᠷᠤᠢ ᠶᠢᠨ ᠲᠠᠶᠢᠰᠠ᠂ ᠶᠠᠭᠤᠮ᠎ᠠ ᠬᠠᠳᠠᠭᠠᠯᠠᠬᠤ ᠲᠠᠰᠤᠯᠭ᠎ᠠ ᠵᠡᠷᠭᠡ ᠨᠢᠭᠤᠭᠳᠠᠮᠠᠯ ᠲᠠᠯᠠᠪᠤᠷ ᠭᠠᠵᠠᠷ ᠲᠤ ᠸᠢᠳᠢᠣ᠋ ᠪᠠᠷ ᠬᠢᠨᠠᠨ ᠡᠵᠡᠮᠰᠢᠬᠦ ᠮᠠᠰᠢᠨ ᠢ ᠪᠦᠷᠢᠨ ᠪᠦᠷᠬᠦᠭᠦᠯᠬᠦ ᠬᠡᠷᠡᠭᠲᠡᠢ ᠭᠡᠵᠦ ᠳᠤᠳᠤᠷᠬᠠᠶᠢᠯᠠᠪᠠ᠃       ᠮᠡᠳᠡᠭᠳᠡᠯ ᠳᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠰᠤᠷᠭᠠᠭᠤᠯᠢ ᠨᠤᠭᠤᠳ ᠪᠣᠶ ᠪᠦᠬᠦᠢ ᠪᠠᠭᠰᠢ ᠠᠵᠢᠯᠲᠠᠨ ᠠᠵᠢᠯᠴᠢᠨ ᠪᠣᠯᠣᠨ ᠭᠡᠷ ᠤᠨ ᠠᠬᠠᠮᠠᠳ ᠲᠤ ᠬᠠᠨᠳᠤᠭᠤᠯᠤᠨ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠰᠬᠠᠢ ᠰᠡᠳᠦᠪᠲᠦ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠢᠯᠭᠠᠨ ᠲᠠᠨᠢᠬᠤ᠂ ᠠᠷᠭᠠᠴᠠᠭᠠᠬᠤ ᠴᠢᠳᠠᠪᠤᠷᠢ ᠵᠢᠴᠢ ᠭᠠᠷ ᠳᠦᠷᠦᠵᠦ ᠰᠶᠢᠳᠪᠦᠷᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠶᠢ ᠴᠢᠩᠭᠠᠳᠬᠠᠵᠤ᠂ ᠠᠮᠢᠳᠤᠷᠠᠯ ᠢ ᠨᠢ ᠬᠠᠷᠠᠭᠠᠯᠵᠠᠬᠤ᠂ ᠰᠡᠳᠬᠢᠴᠡ ᠶᠢ ᠨᠢ ᠰᠢᠯᠤᠭᠤᠳᠬᠠᠬᠤ᠂ ᠭᠡᠷ ᠪᠦᠯᠢ ᠶᠢᠨ ᠬᠥᠮᠦᠵᠢᠯ ᠢ ᠵᠢᠯᠤᠭᠤᠳᠬᠤ ᠵᠡᠷᠭᠡ ᠶᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠮᠡᠳᠡᠭᠳᠡᠯ ᠳᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠣᠷᠣᠮᠵᠢᠯᠠᠯ ᠪᠠ ᠬᠦᠴᠦᠷᠬᠡᠭᠯᠡᠯ ᠢ ᠰᠡᠷᠭᠡᠶᠢᠯᠡᠨ ᠵᠠᠰᠠᠬᠤ ᠵᠢᠯᠤᠭᠤᠳᠬᠤ ᠭᠠᠷ ᠳᠡᠪᠲᠡᠷ ᠢ ᠰᠤᠳᠤᠯᠤᠨ ᠲᠣᠭᠲᠠᠭᠠᠵᠤ᠂ ᠪᠠᠭᠰᠢ ᠪᠠ ᠭᠡᠷ ᠤᠨ ᠠᠬᠠᠮᠠᠳ ᠤᠨ ᠬᠥᠮᠦᠵᠢᠯ ᠵᠢᠯᠣᠭᠤᠳᠤᠯᠭ᠎ᠠ ᠶᠢ ᠴᠢᠩᠭᠠᠳᠬᠠᠬᠤ ᠬᠡᠷᠡᠭᠲᠡᠢ᠃ ᠬᠠᠤᠯᠢ ᠴᠠᠭᠠᠵᠠ ᠶᠢᠨ ᠯᠠᠪᠯᠠᠭ᠎ᠠ ᠥᠭᠬᠦ᠂ ᠰᠡᠳᠬᠢᠴᠡ ᠶᠢᠨ ᠲᠠᠯ᠎ᠠ ᠪᠠᠷ ᠬᠠᠪᠰᠤᠷᠤᠨ ᠵᠢᠯᠤᠭᠤᠳᠬᠤ᠂ ᠦᠢᠯᠡ ᠠᠵᠢᠯᠯᠠᠭ᠎ᠠ ᠶᠢ ᠨᠢ ᠵᠠᠯᠠᠷᠠᠭᠤᠯᠬᠤ᠂ ᠮᠡᠷᠭᠡᠵᠢᠯ ᠤᠨ ᠰᠡᠷᠭᠡᠶᠢᠯᠡᠯᠲᠡ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠰᠤᠷᠭᠠᠭᠤᠯᠢ ᠳᠤ ᠴᠢᠬᠤᠯᠠ ᠪᠦᠬᠦᠢ ᠵᠢᠯᠣᠭᠤᠳᠤᠯᠭ᠎ᠠ ᠪᠠ ᠳᠡᠮᠵᠢᠯᠭᠡ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠣᠷᠳᠣᠰ ᠮᠣᠩᠭᠤᠯ ᠰᠦᠯᠵᠢᠶ᠎ᠡ