ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠲᠣᠭᠤᠷᠢᠨ ᠪᠠᠶᠢᠴᠠᠭᠠᠬᠤ  ᠳᠤᠭᠤᠶᠢᠯᠠᠩ  ᠤᠨ  ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ  ᠲᠤᠰᠬᠠᠶ  ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/4
     7 ᠰᠠᠷ᠎ᠠ ᠶᠢᠨ 1 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠧᠨ ᠬᠤᠸᠠ ᠬᠤᠷᠠᠯ ᠢ ᠡᠷᠭᠢᠯᠡᠪᠡ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠲᠣᠰ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠬᠤᠷᠠᠯ ᠠᠴᠠ ᠡᠮᠦᠨ᠎ᠡ ᠲᠥᠰᠦᠯ ᠢ ᠨᠠᠷᠢᠨ ᠨᠢᠮᠪᠠᠶ ᠲᠣᠭᠲᠠᠭᠠᠵᠤ᠂ ᠭᠦᠨᠵᠡᠭᠡᠶ ᠰᠤᠷᠤᠯᠴᠠᠨ ᠰᠤᠳᠤᠯᠤᠨ ᠶᠠᠷᠢᠯᠴᠠᠵᠤ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠨ᠂ ᠰᠡᠳᠬᠢᠯ ᠤᠨ ᠦᠭᠡ ᠪᠠᠨ ᠶᠠᠷᠢᠯᠴᠠᠬᠤ ᠶᠢ ᠦᠨᠡᠨᠴᠢ ᠪᠠᠷ ᠥᠷᠨᠢᠭᠦᠯᠵᠦ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠶ  ᠲᠣᠭᠤᠷᠪᠢᠨ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃      ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2023 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠵᠧᠨ ᠬᠤᠸᠠ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠨ  ᠪᠠᠶᠢᠴᠠᠭᠠᠯᠲᠠ ᠬᠢᠪᠠ᠃ ᠪᠠᠶᠢᠩᠭᠤ ᠶᠢᠨ ᠬᠤᠷᠢᠶᠠᠨ ᠤ ᠪᠤᠰᠤᠳ ᠨᠥᠬᠦᠳ ᠨᠢᠭᠡᠳ ᠨᠢᠭᠡ ᠪᠠᠷ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠯᠲᠠ ᠬᠢᠬᠦ ᠶᠢᠨ ᠬᠠᠮᠲᠤ ᠨᠠᠷᠢᠨ ᠬᠢᠨᠠᠮᠠᠭᠠᠶ ᠬᠠᠷᠢᠯᠴᠠᠨ ᠰᠢᠭᠦᠮᠵᠢᠯᠡᠯ ᠥᠷᠨᠢᠭᠦᠯᠪᠡ᠃      ᠵᠧᠨ ᠬᠤᠸᠠ ᠳ᠋ᠦᠩᠨᠡᠯᠲᠡ ᠶᠢᠨ ᠶᠠᠷᠢᠶᠠᠨ ᠳᠠᠭᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠦᠨᠡᠨ ᠬᠦ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢᠨ ᠪᠣᠳᠠᠲᠤ ᠰᠢᠯᠭᠠᠯᠲᠠ ᠪᠣᠯᠭᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠪᠣᠯᠭᠠᠵᠤ᠂ ᠲᠣᠭᠤᠷᠢᠨ ᠪᠠᠶᠢᠴᠠᠭᠠᠯᠲᠠ ᠶᠢᠨ ︽ᠰᠡᠭᠦᠯᠴᠢ ᠶᠢᠨ ᠬᠠᠭᠠᠰ ᠠᠵᠢᠯ︾ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠠᠮ ᠳᠠᠭᠠᠨ ᠬᠠᠷᠢᠴᠠᠯᠠᠰᠢᠭᠦᠶ ᠦᠨᠡᠨᠴᠢ ᠰᠢᠳᠤᠷᠭᠤ ᠪᠠᠶᠢᠬᠤ ᠲᠠᠯ᠎ᠠ ᠪᠠᠷ ᠵᠢᠱᠢᠶ᠎ᠡ ᠦᠵᠡᠭᠦᠯᠦᠨ᠂ ᠥᠯᠢᠭᠡᠷ ᠳᠠᠭᠤᠷᠢᠶᠠᠯ ᠪᠣᠯᠬᠤ ᠬᠡᠷᠡᠭᠲᠡᠶ᠃ ᠡᠭᠦᠷᠭᠡ ᠬᠠᠷᠢᠭᠤᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠣᠷᠣᠨ ᠪᠠ ᠦᠵᠡᠰᠬᠦᠯᠡᠩᠲᠦ ᠰᠠᠶᠢᠬᠠᠨ ᠳᠤᠯᠠᠭᠠᠨ ᠬᠤᠲᠠ  ᠶᠢᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠴᠢᠬᠤᠯᠠ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠰᠢᠨ᠎ᠡ ᠡᠨᠧᠷᠭᠢ ᠶᠢᠨ ᠠᠰᠢᠭᠯᠠᠯᠲᠠ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠵᠡᠷᠭᠡ ᠠᠵᠢᠯ ᠳᠤ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠠᠢ ᠭᠠᠪᠢᠶ᠎ᠠ ᠪᠠᠶᠢᠭᠤᠯᠣᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠲᠦᠷᠦᠭᠦᠯᠡᠨ ᠬᠢᠵᠦ᠂ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠳ᠋ᠦᠩᠨᠡᠨ ᠬᠡᠷᠡᠭᠯᠡᠵᠦ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠣᠶᠠᠯᠳᠣᠭᠤᠯᠣᠨ᠂ ᠲᠦᠷᠦᠭᠦᠯᠡᠨ ᠥᠪᠡᠷ ᠢ ᠪᠠᠨ ᠬᠢᠵᠠᠭᠠᠷᠯᠠᠬᠤ ᠴᠢᠳᠠᠪᠤᠷᠢ ᠪᠠᠨ ᠴᠢᠩᠭᠠᠳᠬᠠᠵᠤ᠂ ᠪᠡᠶ᠎ᠡ ᠪᠠᠨ ᠴᠢᠩᠭ᠎ᠠ ᠱᠠᠭᠠᠷᠳᠠᠨ᠂ ᠬᠤᠷᠢᠭ᠎ᠠ ᠱᠤᠭᠤᠮ ᠢ ᠪᠠᠲᠤ ᠰᠠᠬᠢᠵᠤ᠂ ᠵᠢᠱᠢᠶ᠎ᠡ ᠦᠵᠡᠭᠦᠯᠬᠦ ᠪᠠ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠢ᠃      ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠳ᠋ᠬᠠᠤᠷᠬᠢᠯ ᠬᠤᠷᠠᠯ ᠳᠤ ᠰᠤᠯᠠ ᠣᠷᠣᠯᠴᠠᠪᠠ᠃ 
ᠢᠷᠡᠯᠲᠡ᠄ ᠲᠣᠰ ᠰᠥᠯᠵᠢᠶ᠎ᠡ