1 — 5 ᠰᠠᠷ᠎ᠠ ᠳᠤ ᠮᠠᠨ ᠤ ᠬᠤᠲᠠ ᠶᠢᠨ ᠬᠡᠷᠡᠭᠯᠡᠭᠡᠨ ᠤ ᠲᠡᠯᠳᠡ ᠬᠦᠴᠤᠨ ᠬᠦᠭᠵᠢᠭᠡᠨ ᠲᠠᠢ ᠪᠠᠶᠢᠵᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠢᠯᠡᠰ ᠴᠡᠭ ᠤᠯᠠᠨ ᠪᠤᠯᠪᠠ
ᠨᠡᠶᠢᠲᠡᠯᠡᠭᠰᠡᠨ ᠴᠠᠭ᠄
2024/7/4
      1 — 5 ᠰᠠᠷ᠎ᠠ ᠳᠤ᠂ ᠮᠠᠨ ᠤ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠶ ᠬᠡᠮᠵᠢᠶ᠎ᠡ 253.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠨᠢᠭᠡᠳᠦᠭᠡᠷ ᠲᠤ ᠣᠷᠣᠵᠤ᠂ 1 — 4 ᠰᠠᠷ᠎ᠠ ᠶᠢᠨ ᠬᠢ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 1.5 ᠲᠦᠷᠭᠡᠨ ᠪᠣᠯᠵᠣ᠂ ᠲᠣᠰ ᠲᠣᠰ ᠪᠥᠬᠦ ᠤᠯᠤᠰ᠂ ᠪᠥᠬᠦ ᠣᠷᠣᠨ ᠤ ᠬᠢ ᠠᠴᠠ ᠵᠠᠭᠤᠨ ᠬᠤᠪᠢ ᠶᠢᠨ ᠬᠠᠷᠢᠴᠡᠯ ᠢᠶᠠᠷ 0.7 ᠪᠠ 2.3 ᠥᠨᠳᠥᠷ ᠪᠣᠯᠪᠠ᠃      ᠬᠡᠷᠡᠭᠯᠡᠭᠡᠨ ᠤ ᠵᠠᠬ᠎ᠠ ᠳᠡᠯᠭᠡᠭᠦᠷ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠠᠰ ᠲᠡᠪᠰᠢᠭᠰᠡᠨ ᠲᠥᠷᠥᠯ ᠤᠨ ᠲᠠᠸᠠᠷ ᠢᠯᠡᠳᠲᠡ ᠳᠡᠭᠡᠭᠰᠢᠯᠡᠪᠡ᠃ ᠰᠠᠭᠤᠭᠠᠯᠢ ᠠᠷᠠᠳ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠪᠠᠷ ᠬᠦᠭᠵᠢᠭᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ 20 ᠲᠥᠷᠥᠯ ᠤᠨ ᠲᠠᠸᠠᠷ ᠤᠨ ᠳᠣᠲᠣᠷᠠᠬᠢ 15 ᠲᠥᠷᠥᠯ ᠤᠨ ᠲᠠᠸᠠᠷ ᠤᠨ ᠠᠳᠠᠯᠢ ᠬᠤᠭᠤᠴᠠᠭᠠᠨ ᠤ ᠬᠢ ᠠᠴᠠ ᠨᠡᠮᠡᠭᠳᠡᠬᠦ ᠶᠢ ᠪᠡᠶᠡᠯᠡᠭᠦᠯᠵᠦ᠂ ᠨᠡᠮᠡᠭᠳᠡᠯ ᠤᠨ ᠬᠡᠮᠵᠢᠶ᠎ᠠ ᠨᠢ 75% ᠳᠤ ᠬᠦᠷᠴᠡᠶ᠂ ᠡᠭᠦᠨ ᠳᠤ ᠠᠮᠤ ᠪᠤᠳᠠᠭ᠎ᠠ ᠢᠲᠡᠰᠢᠨ ᠲᠣᠰᠣ ᠢᠳᠡᠭᠡᠨ ᠤ ᠵᠦᠢᠯ ᠠᠳᠠᠯᠢ ᠬᠤᠭᠤᠴᠠᠭᠠᠨ ᠤ ᠬᠢ ᠠᠴᠠ 6.6% ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠠᠳᠠᠯᠢ ᠬᠤᠭᠤᠴᠠᠭᠠᠨ ᠤ ᠬᠢ ᠠᠴᠠ 4.7% ᠨᠡᠮᠡᠭᠳᠡᠵᠦ᠂ ᠬᠢᠲᠠᠳ ᠧᠦ᠋ᠷᠣᠫᠠ ᠡᠮ ᠤᠨ ᠵᠦᠢᠯ ᠠᠳᠠᠯᠢ ᠬᠤᠭᠤᠴᠠᠭᠠᠨ ᠤ ᠬᠢ ᠠᠴᠠ 9.5% ᠨᠡᠮᠡᠭᠳᠡᠵᠡᠶ᠃ ᠴᠢᠨᠠᠷ ᠴᠢᠨᠰᠠᠭ᠎ᠠ ᠶᠢᠨ ᠲᠥᠷᠥᠯ᠂ ᠲᠠᠰ ᠲᠡᠪᠰᠢᠭᠰᠡᠨ ᠲᠥᠷᠥᠯ ᠤᠨ ᠲᠠᠸᠠᠷ ᠤᠨ ᠬᠡᠷᠡᠭᠴᠡᠭᠡ ᠶᠢᠨ ᠪᠠᠭᠲᠠᠭᠠᠮᠵᠢ ᠶᠢ ᠥᠷᠭᠡᠳᠭᠡᠨ ᠳᠡᠭᠡᠭᠰᠢᠯᠡᠭᠦᠯᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠲᠥᠷᠥᠯ᠂ ᠴᠢᠮᠡᠭᠡ ᠨᠡᠪᠲᠡᠷᠡᠯᠭᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 110.7%᠂ 188.4% ᠪᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠴᠢᠨᠰᠠᠭᠠᠳᠤ ᠠᠮᠢᠳᠤᠷᠠᠯ ᠤᠨ ᠬᠥᠭᠡᠭᠡᠴᠡᠯᠳᠦᠯ ᠠᠯᠬᠤᠮ ᠠᠯᠬᠤᠮ ᠢᠶᠠᠷ ᠳᠡᠭᠡᠭᠰᠢᠯᠡᠪᠡ᠃      ᠦᠷᠭᠡᠨ ᠬᠡᠷᠡᠭᠯᠡᠭᠡᠨ ᠤ ᠲᠠᠸᠠᠷ ᠤᠨ ᠲᠤᠯᠭᠠᠭᠤᠷᠢᠯᠠᠯ ᠬᠦᠴᠦᠲᠡᠶ ᠪᠠᠶᠢᠵᠤ᠂ ᠪᠣᠬᠢᠷᠲᠤᠯ ᠥᠬᠡᠶ ᠡᠨᠧᠷᠭᠢ ᠠᠷᠪᠢᠯᠠᠬᠤ ᠦᠢᠯᠡᠳᠬᠦᠨ ᠤ ᠪᠣᠷᠣᠯᠠᠭᠤᠯᠭ᠎ᠠ ᠰᠠᠶᠢᠨ ᠪᠤᠯᠪᠠ᠃ ᠮᠠᠰᠢᠨ ᠲᠡᠷᠭᠡᠨ ᠤ ᠬᠡᠷᠡᠭᠯᠡᠭᠡ ᠪᠣᠯ ᠳᠣᠲᠣᠭᠠᠳᠤ ᠬᠡᠷᠡᠭᠴᠡᠭᠡ ᠶᠢ ᠳᠠᠶᠢᠴᠢᠯᠠᠬᠤ ᠴᠢᠬᠤᠯᠠ ᠬᠥᠳᠡᠯᠭᠡᠭᠦᠷ ᠮᠥᠨ᠂ ᠮᠠᠰᠢᠨ ᠲᠡᠷᠭᠡ ᠬᠤᠳᠠᠯᠳᠤᠨ ᠠᠪᠬᠤ ᠬᠡᠷᠡᠭᠯᠡᠭᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠰᠢᠨ᠎ᠡ ᠬᠡᠯᠪᠡᠷᠢ ᠶᠢᠨ ᠮᠠᠰᠢᠨ ᠲᠡᠷᠭᠡᠨ ᠤ ᠳᠡᠯᠭᠡᠨ ᠪᠣᠷᠣᠯᠠᠭᠤᠯᠬᠤ ᠠᠵᠢᠯᠯᠠᠭ᠎ᠠ ᠵᠡᠷᠭᠡ ᠶᠢᠨ ᠬᠠᠮᠲᠤ ᠶᠢᠨ ᠳᠠᠶᠢᠴᠢᠯᠠᠯᠲᠠ ᠳᠣᠤᠷ᠎ᠠ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ 45.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.4% ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠶᠢ ᠵᠠᠭᠤᠨ ᠤ ᠬᠤᠪᠢ ᠶᠢᠨ ᠬᠠᠷᠢᠴᠡᠯ ᠢᠶᠠᠷ 9.7 ᠨᠡᠮᠡᠭᠳᠡᠭᠦᠯᠬᠦ ᠶᠢ ᠳᠠᠶᠢᠴᠢᠯᠠᠪᠠ︔ ᠬᠡᠷ ᠤᠨ ᠴᠠᠬᠢᠯᠭᠠᠨ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ 1.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7% ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠶᠢ ᠵᠠᠭᠤᠨ ᠤ ᠬᠤᠪᠢ ᠶᠢᠨ ᠬᠠᠷᠢᠴᠡᠯ ᠢᠶᠠᠷ 0.1 ᠲᠡᠭᠡᠭᠰᠢᠯᠡᠭᠦᠯᠦᠭᠰᠡᠨ ᠪᠠᠶᠢᠨ᠎ᠠ᠃ ᠪᠣᠬᠢᠷᠲᠤᠯ ᠥᠬᠡᠶ ᠡᠨᠧᠷᠭᠢ ᠠᠷᠪᠢᠯᠠᠬᠤ ᠬᠡᠯᠪᠡᠷᠢ ᠶᠢᠨ ᠦᠢᠯᠡᠳᠬᠦᠨ ᠤ ᠬᠡᠷᠡᠭᠴᠡᠭᠡ ᠱᠠᠭᠠᠷᠳᠠᠯᠭ᠎ᠠ ᠳᠡᠭᠡᠭᠰᠢᠯᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠪᠤᠷᠤᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 106.8% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠳᠤ ᠡᠵᠡᠯᠡᠬᠦ ᠬᠤᠪᠢ ᠶᠢᠨ ᠵᠢᠩ ᠨᠢ 48% ᠳᠤ ᠬᠥᠷᠪᠡ︔ ᠡᠨᠧᠷᠭᠢ ᠠᠷᠪᠢᠯᠠᠬᠤ ᠬᠡᠷ ᠤᠨ ᠴᠠᠬᠢᠯᠭᠠᠨ ᠬᠡᠷᠡᠭᠰᠡᠯ ᠠᠳᠠᠯᠢ ᠬᠤᠭᠤᠴᠠᠭᠠᠨ ᠤ ᠬᠢ ᠠᠴᠠ 17.7% ᠪᠠᠷ ᠨᠡᠮᠡᠭᠳᠡᠪᠡ᠃      ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠵᠣᠬᠢᠴᠠᠩᠭᠤᠶ ᠪᠠᠷ ᠬᠥᠭᠵᠢᠵᠦ᠂ ᠰᠦᠯᠵᠢᠶᠡᠨ ᠳᠡᠭᠡᠷ᠎ᠡ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠠ ᠡᠷᠴᠢᠮᠲᠡᠶ ᠨᠡᠮᠡᠭᠳᠡᠪᠡ᠃ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠳ ᠰᠢᠨ᠎ᠡ ᠬᠡᠯᠪᠡᠷᠢ ᠶᠢᠨ ᠬᠡᠷᠡᠭᠯᠡᠭᠡᠨ ᠤ ᠠᠬᠤᠶ ᠦᠵᠡᠭᠳᠡᠯ ᠢ ᠢᠳᠡᠪᠬᠢᠲᠡᠶ ᠪᠣᠶ ᠪᠣᠯᠭᠠᠵᠤ ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨᠠᠬᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠳᠤ ᠤᠷᠤᠯᠴᠠᠪᠠ᠃ 1 — 5 ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠬᠤ ᠦᠢᠯᠡᠰ ᠤᠨ ᠨᠢᠭᠡᠴᠢ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠲᠤᠭ᠎ᠠ ᠶᠢ 10.1 ᠳ᠋ᠦᠩᠰᠢᠭᠤᠷ ᠲᠥᠭᠦᠷᠢᠭ ᠲᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 124.8% ᠪᠠᠷ ᠨᠡᠮᠡᠭᠳᠡᠨ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠵᠢᠵᠢᠭᠯᠡᠨ ᠪᠤᠷᠤᠯᠠᠭᠤᠯᠤᠭᠰᠠᠨ ᠲᠤᠭ᠎ᠠ ᠶᠢ ᠵᠠᠭᠤᠨ ᠤ ᠬᠤᠪᠢ ᠶᠢᠨ ᠬᠠᠷᠢᠴᠠᠯ ᠢᠶᠠᠷ 5.6 ᠲᠡᠶᠢᠴᠢᠯᠡᠵᠦ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠵᠢᠵᠢᠭᠯᠡᠨ ᠪᠤᠷᠤᠯᠠᠭᠤᠯᠤᠭᠰᠠᠨ ᠲᠤᠭ᠎ᠠ ᠶᠢᠨ 9.4% ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 5 ᠳᠡᠭᠡᠭᠰᠢᠯᠡᠵᠡᠶ᠃      ᠢᠳᠡᠭᠡᠨ ᠤᠮᠳᠠᠭᠠᠨ ᠤ ᠬᠡᠷᠡᠭᠯᠡᠭᠡ ᠲᠠᠰᠤᠷᠠᠯᠲᠠ ᠥᠬᠡᠶ ᠳᠡᠭᠡᠭᠰᠢᠯᠡᠵᠦ᠂ ᠵᠤᠭᠠᠴᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠦᠷᠭᠦᠯᠵᠢᠯᠡᠨ ᠰᠡᠷᠭᠦᠪᠡ᠃ ᠰᠠᠭᠤᠭᠠᠯᠢ ᠠᠷᠠᠳ ᠤᠨ ᠭᠠᠳᠠᠭᠰᠢ ᠭᠠᠷᠴᠤ ᠬᠤᠭᠤᠯᠠᠯᠠᠬᠤ ᠲᠤᠷᠠᠰᠢᠯ ᠨᠡᠮᠡᠭᠳᠡᠵᠦ᠂ ᠬᠠᠷᠢᠯᠴᠠᠬᠤ ᠬᠡᠯᠪᠡᠷᠢ᠂ ᠠᠶᠠᠯᠠᠬᠤ ᠲᠥᠷᠥᠯ᠂ ᠵᠤᠭ᠎ᠠ ᠴᠡᠩᠭᠡᠯ ᠤᠨ ᠬᠡᠷᠡᠭᠯᠡᠭᠡ ᠶᠢᠨ ᠬᠡᠷᠡᠭᠴᠡᠭᠡ ᠶᠢ ᠲᠥᠪᠯᠡᠷᠡᠩᠭᠦᠶ ᠬᠦᠭᠵᠢᠭᠡᠵᠦ᠂ ︽5 · 1︾ ᠤ ᠠᠮᠠᠷᠠᠯᠲᠠ ᠶᠢᠨ ᠬᠤᠭᠤᠴᠠᠭᠠᠨ ᠳᠤ ᠵᠤᠭᠠᠴᠠᠭᠰᠠᠳ ᠤᠨ ᠭᠠᠳᠠᠭᠰᠢ ᠭᠠᠷᠬᠤ ᠬᠠᠯᠠᠭᠤᠨ ᠰᠡᠳᠭᠢᠯᠭᠡ ᠦᠷᠭᠦᠯᠵᠢᠯᠡᠨ ᠳᠡᠭᠡᠭᠰᠢᠯᠡᠵᠦ᠂ ᠢᠳᠡᠭᠡᠨ ᠤᠮᠳᠠᠭᠠᠨ ᠤ ᠦᠢᠯᠡᠰ ᠤᠨ ᠦᠢᠯᠡᠴᠢᠯᠡᠭᠡᠨ ᠤ ᠬᠡᠷᠡᠭᠯᠡᠭᠡ ᠶᠢᠨ ᠲᠦᠷᠭᠡᠨ ᠰᠡᠷᠭᠦᠯᠲᠡ ᠶᠢ ᠳᠠᠶᠢᠴᠢᠯᠠᠪᠠ᠃ 1 — 5 ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 14.0% ᠢᠶᠠᠷ ᠨᠡᠮᠡᠭᠳᠡᠪᠡ᠃ ᠪᠦᠬᠦ ᠬᠤᠳᠠ ᠶᠢᠨ ᠬᠦᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ 1179.6 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 42.5% ᠨᠡᠮᠡᠭᠳᠡᠵᠦ᠂ ᠵᠤᠭᠠᠴᠠᠯ ᠤᠨ ᠣᠷᠣᠯᠭ᠎ᠠ 156.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 57.0% ᠢᠶᠠᠷ ᠨᠡᠮᠡᠭᠳᠡᠵᠡᠢ᠃ 
ᠢᠷᠡᠯᠲᠡ᠄ ᠤᠷᠳᠤᠰ ᠮᠤᠩᠭᠤᠯ ᠰᠦᠯᠵᠢᠶ᠎ᠡ