ᠮᠠᠨ ᠤ ᠬᠤᠳᠠ ᠶᠢᠨ ᠳᠡᠭᠡᠳᠦ ᠰᠤᠷᠭᠠᠭᠤᠯᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠬᠦᠮᠥᠵᠢᠯ ᠤᠨ ᠰᠤᠳᠤᠯᠭᠠᠨ ᠤ ᠰᠠᠭᠤᠷᠢᠨ ᠭᠠᠵᠠᠷ ᠲᠠᠢ ᠪᠤᠯᠪᠠ
ᠨᠡᠶᠢᠲᠡᠯᠡᠭᠰᠡᠨ ᠴᠠᠭ᠄
2024/7/4
      ᠦᠢᠷᠠᠳᠬᠠᠨ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠢ ᠬᠠᠮᠳᠤ ᠪᠠᠷ ᠪᠠᠶᠢᠭᠤᠯᠤᠬᠰᠠᠨ ᠬᠡᠷ᠎ᠠ ᠲᠤᠬᠳᠠᠬᠤ ᠠᠵᠢᠯᠯᠠᠭ᠎ᠠ ᠵᠢᠴᠢ ᠣᠨᠣᠯ ᠤᠨ ᠰᠤᠳᠤᠯᠤᠨ ᠶᠠᠷᠢᠯᠴᠠᠬᠤ ᠬᠤᠷᠠᠯ ᠪᠤᠯᠵᠦ ᠦᠡᠭᠬᠡᠷᠡᠯ᠎ᠠ᠃      ᠠᠵᠢᠯᠯᠠᠭ᠎ᠠ ᠲᠡᠭᠡᠷ᠎ᠠ᠂ ᠤᠷᠳᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠢ ᠵᠣᠬᠢᠶᠠᠨ ᠪᠠᠶᠢᠭᠤᠯᠤᠬᠰᠠᠨ ᠪᠦᠲᠦᠴᠡ᠂ ᠠᠩᠬᠠᠳᠤᠭᠠᠷ ᠬᠤᠭᠤᠴᠠᠭᠠᠨ ᠤ ᠡᠷᠳᠡᠮ ᠰᠢᠨᠵᠢᠯᠡᠭᠡᠨ ᠤ ᠵᠥᠪᠯᠡᠯ ᠤᠨ ᠭᠡᠰᠢᠭᠦᠳ ᠤᠨ ᠨᠡᠷᠡᠰ ᠢ ᠤᠩᠰᠢᠨ ᠨᠡᠶᠢᠲᠡᠯᠡᠬᠦ ᠶᠢᠨ ᠬᠠᠮᠲᠤ ᠭᠡᠰᠢᠭᠦᠳ ᠢᠶᠠᠨ ᠤᠷᠢᠨ ᠬᠡᠷᠡᠭᠯᠡᠬᠦ ᠦᠨᠡᠮᠯᠡᠯ ᠤᠯᠭᠤᠪᠠ᠃      ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠥᠪᠥᠷ ᠮᠣᠩᠭᠤᠯ ᠤᠨ ᠶᠡᠭᠡ ᠰᠤᠷᠭᠠᠭᠤᠯᠢ᠂ ᠣᠷᠳᠣᠰ ᠬᠤᠲᠠ ᠶᠢᠨ ᠮᠦᠽᠧᠶ ᠶᠢᠨ ᠬᠦᠷᠢᠶᠡᠯᠡᠩ ᠲᠠᠢ ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ ᠬᠤᠷᠠᠯ ᠳᠤ ᠣᠷᠣᠯᠴᠠᠭᠰᠠᠳ ᠤᠷᠳᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠢᠶᠠᠷ ᠲᠣᠭᠤᠷᠢᠨ ᠦᠵᠡᠭᠰᠡᠨ ᠪᠥᠭᠡᠳ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠤᠳᠤᠯᠭᠠᠨ ᠤ ᠠᠵᠢᠯ ᠢ ᠬᠡᠷᠬᠢᠨ ᠭᠦᠨᠵᠡᠭᠡᠢ ᠥᠷᠨᠢᠭᠦᠯᠬᠦ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠡᠬᠦᠨ ᠢᠶᠠᠷ ᠮᠠᠨ ᠤ ᠬᠤᠳᠠ ᠶᠢᠨ ᠳᠡᠭᠡᠳᠦ ᠰᠤᠷᠭᠠᠭᠤᠯᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠬᠦᠮᠥᠵᠢᠯ ᠤᠨ ᠰᠤᠳᠤᠯᠭᠠᠨ ᠤ ᠰᠠᠭᠤᠷᠢᠨ ᠭᠠᠵᠠᠷ ᠲᠠᠢ ᠪᠤᠯᠤᠬᠰᠠᠨ ᠪᠠᠶᠢᠨ᠎ᠠ᠃      ᠦᠢᠯᠠᠭᠠᠬᠰᠠᠨ ᠢᠶᠠᠷ᠂ ᠤᠢᠢᠷ᠎ᠠ ᠶᠢᠨ ᠵᠢᠯ ᠳᠤ᠂ ᠤᠷᠳᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︽ᠶᠣᠰᠣ ᠰᠤᠷᠲᠠᠬᠤᠨ ᠢ ᠲᠡᠭᠡᠳᠦᠯᠡᠵᠦ ᠬᠥᠮᠦᠨ ᠢ ᠬᠥᠮᠦᠵᠢᠭᠦᠯᠬᠦ︾ ᠦᠨᠳᠦᠰᠦᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ  ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠠᠴᠠ ᠭᠠᠷᠳᠠᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠵᠢᠭᠠᠨ ᠰᠤᠷᠭᠠᠯᠲᠠ᠂ ᠴᠢᠳᠠᠪᠤᠷᠢᠲᠠᠨ ᠢ ᠬᠥᠮᠦᠵᠢᠭᠦᠯᠬᠦ ᠪᠦᠬᠦ ᠶᠠᠪᠤᠴᠠ ᠳᠤ ᠲᠤᠭᠤᠰᠢᠯᠠᠭᠤᠯᠤᠨ᠂ ︽ᠠᠨᠠᠷ ᠤᠨ ᠦᠷ᠎ᠡ︾ ᠪᠠᠷ ᠬᠥᠮᠦᠨ ᠢ ᠬᠥᠮᠦᠵᠢᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ︽ᠲᠠᠪᠤ ᠶᠢ ᠠᠳᠬᠤᠵᠤ ᠲᠠᠪᠤ ᠶᠢ ᠠᠬᠢᠭᠤᠯᠵᠤ ᠲᠠᠪᠤ ᠶᠢ ᠳᠡᠭᠡᠭᠰᠢᠯᠡᠭᠦᠯᠬᠦ︾ ᠠᠵᠢᠯ ᠤᠨ ᠠᠷᠭ᠎ᠠ  ᠬᠡᠮᠵᠢᠶ᠎ᠡ ᠶᠢᠨ ᠰᠢᠨ᠎ᠡ ᠶᠢ ᠡᠭᠦᠳᠴᠦ᠂ ᠴᠢᠳᠠᠪᠤᠷᠢᠲᠠᠨ ᠢ ᠬᠥᠮᠦᠵᠢᠭᠦᠯᠬᠦ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠪᠦᠬᠦ ᠲᠠᠯ᠎ᠠ ᠪᠠᠷ ᠠᠭᠤᠰᠤᠯᠴᠠᠭᠤᠯᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠲᠠᠯ᠎ᠠ ᠪᠠᠷ ᠠᠰᠢᠭᠲᠠᠢ ᠰᠦᠪᠡᠭᠴᠢᠯᠡᠯᠳᠡ ᠬᠢᠵᠡᠢ᠃      2023 ᠣᠨ ᠳᠤ᠂ ᠤᠷᠳᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠬᠦᠮᠥᠵᠢᠯ ᠤᠨ ᠰᠠᠭᠤᠷᠢᠨ ᠭᠠᠵᠠᠷ᠂ ᠤᠷᠳᠤᠰ ᠬᠤᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠰᠤᠳᠤᠯᠭᠠᠨ ᠤ ᠰᠠᠭᠤᠷᠢᠨ ᠭᠠᠵᠠᠷ ᠢᠶᠠᠷ ᠵᠦᠪᠰᠢᠶᠡᠷᠡᠭᠳᠡᠪᠡ᠃ ᠰᠠᠭᠤᠷᠢᠨ ᠭᠠᠵᠠᠷ ᠨᠢ ᠡᠯ᠎ᠡ ᠭᠠᠵᠠᠷ ᠤᠷᠤᠨ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠤᠬᠰᠠᠨ ᠠᠷᠭ᠎ᠠ ᠲᠤᠷᠰᠢᠯᠭ᠎ᠠ ᠶᠢ ᠭᠦᠢᠴᠡᠳ ᠰᠤᠷᠤᠯᠴᠠᠨ ᠲᠤᠯᠢ ᠪᠤᠯᠭᠠᠵᠦ᠂ 1400 ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠵᠡᠢ᠃ ᠤᠳᠤᠬᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠭᠤᠤᠯ ᠰᠡᠳᠦᠪᠳᠤ ᠬᠥᠮᠦᠵᠢᠯ ᠤᠨ ᠬᠤᠨᠭ᠍ᠬᠢᠯ᠂ ︽ᠲᠠᠪᠤᠨ ᠲᠡᠤᠬᠡ︾ ᠶᠢ ᠰᠤᠷᠤᠯᠴᠠᠬᠤ ᠲᠤᠰᠬᠠᠢ ᠰᠡᠳᠦᠪᠳᠤ ᠬᠦᠮᠥᠵᠢᠯ ᠤᠨ ᠬᠤᠨᠭ᠍ᠬᠢᠯ᠂ ᠤᠶᠤᠲᠠᠳ ᠤᠨ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠤᠨ ᠡᠯ᠎ᠡ ᠲᠦᠷᠦᠯ ᠤᠨ ᠭᠤᠣᠯ ᠰᠡᠳᠦᠪᠲᠦ ᠴᠢᠳᠠᠮᠵᠢᠳᠤ ᠬᠢᠴᠢᠶᠠᠯ ᠤᠨ ᠲᠠᠩᠬᠢᠮ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠬᠡᠶᠢᠰᠪᠦᠷᠢ ᠳᠠᠭᠤᠷᠢᠶᠠᠮᠠᠯ VR ᠮᠡᠷᠬᠡᠵᠢᠯ ᠢᠶᠠᠷ ᠪᠡᠶᠡᠴᠢᠯᠡᠨ ᠣᠶᠢᠯᠠᠭᠠᠬᠤ ᠣᠶᠤᠨᠴᠢ ᠬᠢᠴᠢᠶᠡᠯ ᠤᠨ ᠲᠠᠩᠬᠢᠮ᠂ 3D ᠬᠡᠶᠢᠰᠪᠦᠷᠢ ᠳᠠᠭᠤᠷᠢᠶᠠᠮᠠᠯ ᠴᠢᠳᠠᠮᠵᠢᠳᠤ ᠬᠢᠴᠢᠶᠠᠯ ᠤᠨ ᠲᠠᠩᠬᠢᠮ ᠢ ᠪᠠᠭᠲᠠᠭᠠᠭᠰᠠᠨ 2 ᠬᠤᠨᠭ᠍ᠬᠢᠯ 8 ᠬᠢᠴᠢᠶᠠᠯ ᠤᠨ ᠲᠠᠩᠬᠢᠮ 4 ᠲᠥᠪ ᠢ ᠪᠠᠶᠢᠭᠤᠯᠵᠡᠢ᠃ ᠡᠳᠡᠬᠡᠷ ᠭᠠᠵᠠᠷ ᠲᠠᠭᠠᠨ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠮᠠᠰᠠᠷ ᠢ ᠪᠠᠳᠤ ᠴᠤᠬᠴᠠᠯᠠᠬᠤ ᠤᠬᠠᠭᠤᠯᠭ᠎ᠠ ᠬᠦᠮᠥᠵᠢᠯ ᠢ ᠦᠷᠨᠢᠬᠦᠯᠵᠦ᠂ ︽ᠲᠠᠪᠤᠨ ᠲᠡᠤᠬᠡ︾ ᠶᠢ ᠰᠤᠷᠤᠯᠴᠠᠬᠤ ᠬᠦᠮᠥᠵᠢᠯ ᠪᠠ ᠦᠵᠡᠯ ᠰᠠᠨᠠᠭ᠎ᠠ ᠤᠯᠤᠰ ᠲᠦᠷᠤ ᠶᠢᠨ ᠬᠦᠮᠥᠵᠢᠯ ᠤᠨ ᠠᠭᠤᠯᠭ᠎ᠠ ᠶᠢ ᠲᠡᠯᠬᠡᠨ ᠦᠵᠡᠬᠦᠯᠵᠦ᠂ ᠦᠢᠯᠡᠳᠦᠯᠬᠡ ᠪᠠ VR ᠪᠠᠷ ᠪᠠᠶᠠᠴᠢᠯᠠᠨ ᠦᠢᠯᠠᠭᠠᠬᠤ ᠰᠤᠷᠤᠯᠴᠠᠯᠭ᠎ᠠ ᠬᠦᠮᠥᠵᠢᠯ ᠤᠨ ᠠᠵᠢᠯᠯᠠᠭ᠎ᠠ ᠶᠢ ᠦᠷᠨᠢᠬᠦᠯᠬᠦ ᠪᠤᠯᠤᠨ᠎ᠠ᠃ ᠬᠤᠶᠢᠰᠢᠳᠠ ᠲᠤᠰ ᠰᠤᠷᠭᠠᠭᠤᠯᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠤᠨᠤᠯ ᠤᠨ ᠰᠤᠳᠤᠯᠭᠠᠨ ᠤ ᠰᠢᠨ᠎ᠡ ᠲᠠᠪᠴᠠᠩ ᠢ ᠪᠤᠢ ᠪᠤᠯᠭᠠᠨ᠂ ᠬᠦᠮᠥᠵᠢᠯ ᠦᠢᠯᠡᠳᠦᠯᠬᠡ ᠶᠢᠨ ᠰᠢᠨ᠎ᠠ ᠠᠴᠢᠶᠠᠯᠠᠪᠤᠷᠢ ᠶᠢ ᠦᠷᠬᠡᠳᠬᠡᠵᠦ᠂ ᠶᠡᠭᠡ ᠲᠡᠭᠡᠳᠤ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠶᠢ ᠪᠦᠳᠦᠮᠵᠢᠳᠡᠢ ᠤᠯᠠᠨ ᠬᠡᠯᠪᠡᠷᠢ ᠪᠠᠷ ᠠᠬᠢᠭᠤᠯᠬᠤ ᠪᠤᠯᠤᠨ᠎ᠠ᠃ 
ᠢᠷᠡᠯᠲᠡ᠄ ᠣᠷᠳᠣᠰ ᠮᠣᠩᠭᠤᠯ ᠰᠦᠯᠵᠢᠶ᠎ᠡ