ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ  ᠲᠦᠷᠭᠡᠳᠭᠡᠬᠦ ᠲᠣᠬᠠᠢ ᠤᠷᠮᠠᠰᠢᠭᠤᠯᠬᠤ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2024/7/8
        ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠲᠥᠪ ᠢ ᠲᠦᠷᠭᠡᠳᠬᠡᠨ ᠪᠠᠶᠢᠭᠤᠯᠣᠨ᠂ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠶᠢᠨ ᠴᠢᠳᠠᠪᠤᠷᠢ ᠶᠢ ᠴᠢᠩᠭᠠᠷᠠᠭᠤᠯᠬᠤ ᠶᠢᠨ ᠲᠤᠰᠠᠳᠠ᠂ 2022 ᠣᠨ ᠳᠤ ᠳᠠᠷᠤᠮᠠᠯᠯᠠᠨ ᠲᠠᠷᠬᠠᠭᠠᠭᠰᠠᠨ ︽ᠬᠢᠶ᠎ᠠ ᠪᠠᠭᠰᠢ ᠲᠣᠭᠤᠷᠢᠭ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠲᠣᠬᠠᠢ ᠤᠷᠮᠠᠰᠢᠭᠤᠯᠬᠤ ᠠᠷᠭ᠎ᠠ ᠬᠡᠮᠵᠢᠶ᠎ᠡ︾ ᠶᠢᠨ ᠰᠠᠭᠤᠷᠢᠨ ᠳᠡᠭᠡᠷ᠎ᠡ᠂ ᠮᠠᠨ ᠤ ᠲᠣᠭᠤᠷᠢᠭ ᠤᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠤᠯᠠᠮ ᠨᠢᠭᠡ ᠠᠯᠬᠤᠮ ᠵᠠᠰᠠᠪᠤᠷᠢ ᠣᠷᠣᠭᠤᠯᠬᠤ ᠶᠢᠨ ᠬᠠᠮᠲᠤ ᠳᠣᠤᠷᠠᠬᠢ ︽ᠠᠷᠪᠠᠨ ᠵᠤᠷᠪᠤᠰ︾ ᠠᠷᠭ᠎ᠠ ᠬᠡᠮᠵᠢᠶ᠎ᠡ ᠶᠢ ᠲᠣᠭᠲᠠᠭᠠᠪᠠ᠃         ᠨᠢᠭᠡᠳᠦᠭᠡᠷ ᠵᠤᠷᠪᠤᠰ      ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠴᠤᠭᠯᠠᠷᠠᠬᠤ ᠶᠢ ᠵᠣᠷᠢᠭᠵᠢᠭᠤᠯᠣᠨ᠎ᠠ        ︵ᠨᠢᠭᠡ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠪᠠᠩᠬᠢ ᠶᠢᠨ ᠪᠠᠶᠢᠭᠤᠯᠤᠮᠵᠢ᠂ ᠬᠠᠤᠯᠢ ᠶᠢᠨ ᠡᠷᠬᠡᠲᠡᠨ ᠤ ᠪᠠᠶᠢᠭᠤᠯᠤᠮᠵᠢ ᠨᠢ ᠲᠡᠭᠦᠨ ᠤ ᠠᠩᠬ᠎ᠠ ᠤᠳᠠᠭ᠎ᠠ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ ᠱᠠᠩᠨᠠᠵᠤ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠨᠢ ᠬᠠᠮᠤᠭ ᠤᠨ ᠥᠨᠳᠥᠷ ᠲᠡᠭᠡᠨ 2000 ᠲᠦᠮᠡᠨ ᠲᠥᠭᠦᠷᠢᠭ ᠠᠴᠠ ᠬᠡᠲᠦᠷᠡᠬᠦ ᠦᠭᠡᠢ᠃ ᠨᠢᠭᠡᠳᠦᠭᠡᠷ ᠳᠡᠰ ︵ᠥᠪᠡᠷᠲᠡᠭᠡᠨ ᠵᠠᠰᠠᠬᠤ ᠣᠷᠣᠨ ᠤ ᠳᠡᠰ︶  ᠤᠨ ᠬᠤᠪᠢᠶᠠᠷᠢ ᠪᠠᠩᠬᠢ ᠳᠤ ᠰᠢᠭᠤᠳ 1000 ᠲᠦᠮᠡᠨ ᠲᠥᠭᠦᠷᠢᠭ ᠱᠠᠩᠨᠠᠵᠤ᠂ ᠬᠤᠶᠠᠳᠤᠭᠠᠷ ᠳᠡᠰ ︵ᠬᠤᠳᠠ ᠶᠢᠨ ᠳᠡᠰ︶ ᠤᠨ ᠬᠤᠪᠢᠶᠠᠷᠢ ᠪᠠᠩᠬᠢ  ᠳᠤ ᠰᠢᠭᠤᠳ 100 ᠲᠦᠮᠡᠨ ᠲᠥᠭᠦᠷᠢᠭ  ᠱᠠᠩᠨᠠᠨ᠂ ᠰᠠᠯᠪᠤᠷᠢ ᠪᠠᠩᠬᠢ ︵ᠬᠤᠰᠢᠭᠤ ᠲᠤᠭᠤᠷᠢᠭ ᠤᠨ ᠳᠡᠰ︶  ᠳᠤ ᠰᠢᠭᠤᠳ 10 ᠲᠦᠮᠡᠨ ᠲᠥᠭᠦᠷᠢᠭ ᠱᠠᠩᠨᠠᠨ᠎ᠠ᠃ ᠲᠤᠰᠠᠭᠠᠷ ᠳᠠᠩᠰᠠᠯᠠᠭᠤᠯᠤᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠦᠬᠦ ᠤᠯᠤᠰ ᠤᠨ ᠴᠢᠨᠠᠷᠲᠠᠢ ᠶᠡᠷᠦᠩᠬᠡᠢ ᠬᠡᠯᠲᠡᠰ ᠲᠤ ᠬᠠᠷᠢᠶᠠᠯᠠᠭᠳᠠᠬᠤ ᠮᠥᠩᠭᠦᠨ ᠭᠦᠢᠯᠭᠡᠭᠡᠨ ᠤ ᠲᠦᠬᠦᠷ ᠦᠢᠯᠡᠴᠢᠯᠡᠭᠡᠨ ᠤ ᠪᠠᠶᠢᠭᠤᠯᠤᠮᠵᠢ ᠳᠤ᠂ ᠵᠢᠱᠢᠶᠡᠯᠡᠪᠡᠯ ᠢᠲᠡᠭᠡᠮᠵᠢ ᠶᠢᠨ ᠺᠠᠷᠲ ᠤᠨ ᠲᠥᠪ᠂ ᠫᠢᠶᠣᠣ ᠪᠠᠷᠢᠮᠲᠠ ᠶᠢ ᠰᠢᠢᠳᠪᠦᠷᠢᠯᠡᠬᠦ ᠲᠥᠪ᠂ ᠵᠠᠷᠤᠴᠠᠭᠤᠯᠭ᠎ᠠ ᠶᠢᠨ ᠳ᠋ᠦᠩᠨᠡᠨ ᠪᠤᠳᠤᠬᠤ ᠲᠥᠪ᠂ ᠮᠡᠳᠡᠭᠡ ᠵᠠᠩᠭᠢ ᠶᠢᠨ ᠮᠡᠷᠭᠡᠵᠢᠯ ᠤᠨ ᠲᠥᠪ᠂ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠲᠥᠪ᠂ ᠰᠤᠳᠤᠯᠤᠨ ᠨᠡᠭᠡᠭᠡᠬᠦ ᠲᠥᠪ ᠵᠡᠷᠭᠡ᠂ 200 ᠲᠦᠮᠡᠨ ᠲᠥᠭᠦᠷᠢᠭ  ᠤᠨ ᠨᠤᠳᠤᠭᠯᠠᠭᠰᠠᠨ ᠤ ᠱᠠᠩᠨᠠᠨ᠎ᠠ᠃       ︵ᠬᠤᠶᠠᠷ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠳᠠᠭᠠᠳᠬᠠᠯ ᠤᠨ ᠪᠠᠶᠢᠭᠤᠯᠤᠮᠵᠢ᠂ ᠬᠠᠤᠯᠢ ᠶᠢᠨ ᠡᠷᠬᠡᠲᠡᠨ ᠤ ᠪᠠᠶᠢᠭᠤᠯᠤᠮᠵᠢ ᠨᠢ ᠲᠡᠭᠦᠨ ᠤ ᠠᠩᠬ᠎ᠠ ᠤᠳᠠᠭ᠎ᠠ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ ᠱᠠᠩᠨᠠᠵᠤ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠨᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠠᠴᠠ ᠬᠡᠲᠦᠷᠡᠬᠦ ᠦᠭᠡᠢ᠃ ᠲᠤᠰᠠᠭᠠᠷ ᠳᠠᠩᠰᠠᠯᠠᠭᠤᠯᠤᠭᠰᠠᠨ ᠰᠠᠯᠪᠤᠷᠢ ᠪᠠᠶᠢᠭᠤᠯᠤᠮᠵᠢ ᠨᠢ ᠱᠠᠩᠨᠠᠯ ᠤᠨ ᠡᠮᠦᠨᠡᠬᠢ ᠨᠢᠭᠡ ᠨᠢᠭᠲᠠᠯᠠᠨ ᠪᠤᠳᠤᠬᠤ ᠣᠨ ᠤ ᠳᠠᠭᠠᠳᠬᠠᠯ ᠤᠨ ᠰᠦᠢᠳᠬᠡᠯ ᠤᠨ ᠣᠷᠣᠯᠭ᠎ᠠ ᠶᠢᠨ 0.5% ᠪᠠᠷ ᠱᠠᠩᠨᠠᠵᠤ᠂ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠬᠡᠲᠦᠷᠡᠬᠦ ᠦᠭᠡᠢ᠃ ᠲᠤᠰᠠᠭᠠᠷ ᠳᠠᠩᠰᠠᠯᠠᠭᠤᠯᠤᠨ ᠪᠠᠶᠢᠭᠤᠯᠤᠭᠰᠠᠨ ᠳᠠᠭᠠᠳᠬᠠᠯ ᠤᠨ ᠺᠣᠮᠫᠠᠨᠢ ᠶᠢᠨ ᠶᠡᠷᠦᠩᠬᠡᠢ ᠭᠡᠯᠳᠡᠰ ᠲᠤ ᠬᠠᠷᠢᠶᠠᠯᠠᠭᠳᠠᠬᠤ ᠳ᠋ᠢᠶᠠᠩᠬᠤᠸᠠ ᠪᠠᠷ ᠪᠤᠷᠤᠯᠠᠭᠤᠯᠬᠤ ᠲᠥᠪ᠂ ᠳᠠᠭᠤᠳᠠᠬᠤ ᠲᠥᠪ᠂ ᠲᠥᠯᠥᠪᠦᠷᠢ ᠶᠢᠨ ᠡᠵᠡᠩᠨᠡᠯᠲᠡ ᠶᠢᠨ ᠲᠥᠪ ᠵᠡᠷᠭᠡ ᠳᠠᠭᠠᠳᠬᠠᠯ ᠤᠨ ᠳᠣᠰᠠᠯᠠᠬᠤ ᠲᠥᠪ ᠪᠠ ᠳᠠᠭᠠᠳᠬᠠᠯ ᠤᠨ ᠵᠠᠭᠤᠴᠢᠯᠠᠬᠤ ᠺᠣᠮᠫᠠᠨᠢ ᠳᠤ 100 ᠲᠦᠮᠡᠨ ᠲᠥᠭᠦᠷᠢᠭ ᠤᠨ ᠨᠤᠳᠤᠭᠯᠠᠭᠰᠠᠨ ᠱᠠᠩᠨᠠᠨ᠎ᠠ᠃       ︵ᠭᠤᠷᠪᠠ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠢᠳᠡᠭᠡᠮᠵᠢ ᠶᠢᠨ ᠺᠣᠮᠫᠠᠨᠢ᠂ ᠠᠵᠤ ᠠᠬᠤᠶᠢᠯᠠᠯ ᠤᠨ ᠪᠦᠯᠦᠭᠯᠡᠯ ᠤᠨ ᠡᠳ᠋ ᠤᠨ ᠶᠠᠪᠤᠳᠠᠯ ᠤᠨ ᠺᠣᠮᠫᠠᠨᠢ᠂ ᠮᠠᠰᠢᠨ ᠲᠡᠷᠭᠡᠨ ᠤ ᠮᠥᠩᠭᠦᠨ ᠭᠦᠢᠯᠭᠡᠭᠡᠨ ᠤ ᠺᠣᠮᠫᠠᠨᠢ᠂ ᠵᠤᠭᠤᠰᠣᠨ ᠤ ᠵᠠᠭᠤᠴᠢᠯᠠᠬᠤ ᠺᠣᠮᠫᠠᠨᠢ᠂ ᠬᠡᠷᠡᠭᠯᠡᠭᠡᠨ ᠤ ᠮᠥᠩᠭᠦᠨ ᠭᠦᠢᠯᠭᠡᠭᠡᠨ ᠤ ᠺᠣᠮᠫᠠᠨᠢ ᠵᠡᠷᠭᠡ ᠪᠠᠩᠬᠢ ᠶᠢᠨ ᠪᠤᠰᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠶᠡᠷᠦᠩᠬᠡᠢ ᠬᠡᠯᠲᠡᠰ ᠪᠤᠶᠤ ᠲᠡᠭᠦᠨ ᠤ ᠬᠤᠪᠢᠶᠠᠷᠢ ᠺᠣᠮᠫᠠᠨᠢ ᠳᠤ᠂ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ ᠱᠠᠩᠨᠠᠵᠤ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠶᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃       ︵ᠳᠥᠷᠪᠡ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠲᠡᠮᠳᠡᠭᠲᠦ ᠶᠢᠨ ᠺᠣᠮᠫᠠᠨᠢ᠂ ᠬᠤᠭᠤᠴᠠᠭᠠᠲᠤ ᠪᠠᠷᠠᠭᠠᠨ ᠤ ᠺᠣᠮᠫᠠᠨᠢ᠂ ᠢᠯᠡ ᠪᠠᠷ ᠴᠤᠭᠯᠠᠭᠤᠯᠤᠭᠰᠠᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠲᠡᠭᠦᠨ ᠤ ᠲᠤᠰᠬᠠᠢ ᠠᠵᠢᠯ ᠤᠨ ᠬᠤᠪᠢᠶᠠᠷᠢ ᠺᠣᠮᠫᠠᠨᠢ ᠵᠡᠷᠭᠡ ᠬᠠᠤᠯᠢ ᠶᠢᠨ ᠡᠷᠬᠡᠲᠡᠨ ᠤ ᠪᠠᠶᠢᠭᠤᠯᠤᠮᠵᠢ ᠳᠤ᠂ ᠲᠡᠭᠦᠨ ᠤ ᠠᠩᠬ᠎ᠠ ᠤᠳᠠᠭ᠎ᠠ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ  ᠱᠠᠩᠨᠠᠵᠤ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠶᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠳᠡᠭᠡᠷ᠎ᠡ ᠳᠤᠷᠠᠳᠤᠭᠰᠠᠨ ᠪᠠᠶᠢᠭᠤᠯᠤᠮᠵᠢ ᠶᠢᠨ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠬᠤᠲᠠ ᠶᠢᠨ ᠳᠡᠰ ᠠᠴᠠ ᠳᠡᠭᠡᠭᠰᠢᠬᠢ ᠬᠤᠪᠢᠶᠠᠷᠢ ᠺᠣᠮᠫᠠᠨᠢ ᠳᠤ ᠭᠠᠭᠴᠠ ᠪᠠᠶᠢᠭᠤᠯᠤᠮᠵᠢ   ᠳᠤ 100 ᠲᠦᠮᠡᠨ ᠲᠥᠭᠦᠷᠢᠭ ᠤᠨ ᠨᠤᠳᠤᠭᠯᠠᠭᠰᠠᠨ ᠤ  ᠱᠠᠩᠨᠠᠵᠤ᠂ ᠡᠵᠡᠩᠨᠡᠯᠲᠡ ᠶᠢᠨ  ᠬᠡᠯᠳᠡᠰ ᠲᠤ 10 ᠲᠦᠮᠡᠨ ᠲᠥᠭᠦᠷᠢᠭ  ᠤᠨ ᠨᠤᠳᠤᠭᠯᠠᠭᠰᠠᠨ ᠤ ᠱᠠᠩᠨᠠᠨ᠎ᠠ᠃       ︵ᠲᠠᠪᠤ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠠᠷᠠᠳ ᠤᠨ ᠪᠠᠩᠬᠢ ᠪᠠᠷ ᠵᠥᠪᠰᠢᠶᠡᠷᠡᠭᠦᠯᠦᠭᠰᠡᠨ ᠭᠤᠷᠪᠠᠳᠠᠭᠢ ᠡᠲᠡᠭᠡᠳ ᠤᠨ ᠵᠠᠷᠤᠴᠠᠭᠤᠯᠭ᠎ᠠ ᠶᠢᠨ ᠪᠠᠶᠢᠭᠤᠯᠤᠮᠵᠢ ᠳᠤ᠂ ᠲᠡᠭᠦᠨ ᠤ ᠠᠩᠬ᠎ᠠ ᠤᠳᠠᠭ᠎ᠠ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ ᠱᠠᠩᠨᠠᠵᠤ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠶᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃       ︵ᠵᠢᠷᠭᠤᠭ᠎ᠠ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠵᠤ ᠵᠥᠪᠰᠢᠶᠡᠷᠡᠭᠰᠡᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠤᠷᠤᠭᠤᠯᠤᠯᠳᠠ ᠶᠢᠨ ᠳᠠᠭᠠᠭᠠᠯᠲᠠ ᠶᠢᠨ ᠪᠠᠶᠢᠭᠤᠯᠤᠮᠵᠢ᠂ ᠳᠡᠨᠵᠢ ᠶᠢᠨ ᠠᠷᠠᠯᠵᠢᠶ᠎ᠡ᠂ ᠪᠡᠯᠡ ᠤᠷᠤᠭᠤᠯᠤᠯᠳᠠ ᠶᠢᠨ ᠲᠦᠷᠢᠶᠡᠰᠦᠯᠡᠬᠦ ᠺᠣᠮᠫᠠᠨᠢ᠂ ᠬᠤᠳᠠᠯᠳᠤᠭᠠᠨ ᠤ ᠪᠠᠲᠤᠯᠠᠨ ᠬᠠᠮᠢᠶᠠᠷᠬᠤ ᠺᠣᠮᠫᠠᠨᠢ᠂ ᠣᠷᠣᠨ ᠨᠤᠲᠤᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠵᠢᠴᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ ᠡᠷᠬᠡ ᠣᠯᠭᠤᠵᠤ ᠬᠢᠨᠠᠨ ᠬᠠᠮᠢᠶᠠᠷᠤᠭᠤᠯᠤᠭᠰᠠᠨ ᠮᠥᠩᠭᠦᠨ ᠭᠦᠢᠯᠭᠡᠭᠡᠨ ᠤ ᠰᠢᠨᠵᠢ ᠴᠢᠨᠠᠷ ᠪᠦᠬᠦᠢ ᠪᠤᠰᠤᠳ ᠡᠵᠡᠩᠨᠡᠯᠲᠡ ᠶᠢᠨ ᠴᠢᠨᠠᠷᠲᠠᠢ ᠵᠣᠬᠢᠶᠠᠨ ᠪᠠᠶᠢᠭᠤᠯᠤᠯᠲᠠ᠂ ᠲᠡᠭᠦᠨ ᠤ ᠠᠩᠬ᠎ᠠ ᠤᠳᠠᠭ᠎ᠠ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ ᠱᠠᠩᠨᠠᠵᠤ᠂ ᠱᠠᠩᠨᠠᠯ ᠤᠨ ᠨᠡᠶᠢᠲᠡ ᠵᠣᠭᠤᠰ ᠤᠨ ᠲᠤᠭ᠎ᠠ ᠶᠢ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃         ᠬᠤᠶᠠᠳᠤᠭᠠᠷ ᠵᠤᠷᠪᠤᠰ    ᠮᠥᠩᠭᠦᠨ ᠭᠦᠢᠯᠭᠡᠭᠡᠨ ᠤ  ᠪᠠᠶᠢᠭᠤᠯᠤᠮᠵᠢ ᠶᠢᠨ ᠶᠡᠭᠡᠳᠬᠦ ᠶᠢ ᠳᠡᠮᠵᠢᠨ᠎ᠡ         ︵ᠨᠢᠭᠡ︶ ᠨᠢᠭᠡᠳᠦᠭᠡᠷ ᠵᠤᠷᠪᠤᠰ ᠤᠨ ᠲᠣᠭᠲᠠᠭᠠᠯ ᠳᠤ ᠨᠡᠶᠢᠴᠡᠭᠰᠡᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠢᠨᠠᠨ ᠬᠠᠮᠢᠶᠠᠷᠬᠤ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠡᠳᠦᠷ ᠠᠴᠠ ᠡᠬᠢᠯᠡᠨ 5 ᠵᠢᠯ ᠤᠨ ᠳᠣᠲᠣᠷ᠎ᠠ᠂ ᠨᠤᠳᠤᠭᠯᠠᠭᠰᠠᠨ ᠤ ᠱᠠᠩᠨᠠᠯ ᠢ ᠭᠥᠷᠳᠡᠭᠡᠳ ᠳᠡᠭᠡᠳᠦ ᠬᠢᠵᠠᠭᠠᠷ ᠲᠤ ᠬᠦᠷᠦᠭᠰᠡᠨ ᠦᠭᠡᠢ ᠪᠠᠶᠢᠪᠠᠯ᠂ ᠬᠠᠮᠢᠶ᠎ᠠ ᠪᠦᠬᠦᠢ ᠱᠠᠩᠨᠠᠬᠤ ᠠᠷᠭ᠎ᠠ ᠬᠡᠮᠵᠢᠶ᠎ᠡ ᠶᠢᠨ ᠬᠦᠴᠦᠨ ᠲᠠᠢ ᠬᠤᠭᠤᠴᠠᠭᠠᠨ ᠳᠤ ᠪᠡᠯᠡ ᠮᠥᠩᠭᠦ ᠪᠠᠨ ᠨᠡᠮᠡᠭᠳᠡᠭᠦᠯᠦᠭᠰᠡᠨ ᠪᠠᠶᠢᠪᠠᠯ᠂ ᠰᠢᠨ᠎ᠡ ᠪᠠᠷ ᠨᠡᠮᠡᠭᠳᠡᠭᠰᠡᠨ ᠬᠥᠷᠥᠩᠭᠡ ᠶᠢᠨ1.5% ᠪᠠᠷ ᠱᠠᠩᠨᠠᠵᠤ᠂ ᠨᠡᠶᠢᠲᠡ ᠭᠥᠷᠳᠡᠭᠰᠡᠨ ᠱᠠᠩᠨᠠᠯ ᠢ ᠲᠣᠰ ᠪᠠᠶᠢᠭᠤᠯᠤᠮᠵᠢ ᠶᠢᠨ ᠬᠡᠯᠪᠡᠷᠢ ᠯᠦᠭᠡ ᠵᠣᠬᠢᠴᠠᠯᠳᠤᠭᠰᠠᠨ ᠨᠤᠳᠤᠭᠯᠠᠭᠰᠠᠨ ᠤ ᠱᠠᠩᠨᠠᠯ ᠤᠨ ᠳᠡᠭᠡᠳᠦ ᠬᠢᠵᠠᠭᠠᠷ ᠢᠶᠠᠷ ᠬᠢᠵᠠᠭᠠᠷ ᠪᠣᠯᠭᠠᠨ᠎ᠠ᠃ ᠱᠠᠩᠨᠠᠬᠤ ᠠᠷᠭ᠎ᠠ ᠬᠡᠮᠵᠢᠶ᠎ᠡ ᠶᠢ ᠨᠡᠶᠢᠲᠡᠯᠡᠬᠦ ᠠᠴᠠ ᠡᠮᠦᠨ᠎ᠡ ᠨᠢᠭᠡᠨᠲᠡ ᠣᠷᠣᠵᠤ ᠰᠠᠭᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠥᠷᠥ ᠶᠢᠨ ᠪᠣᠳᠣᠯᠭ᠎ᠠ ᠶᠢᠨ ᠬᠦᠴᠦᠨ ᠲᠠᠢ ᠬᠤᠭᠤᠴᠠᠭᠠᠨ ᠳᠤ ᠪᠡᠯᠡ ᠮᠥᠩᠭᠦ ᠪᠠᠨ ᠨᠡᠮᠡᠭᠳᠡᠭᠦᠯᠦᠭᠰᠡᠨ ᠪᠣᠯ ᠲᠣᠰ ᠵᠤᠷᠪᠤᠰ ᠤᠨ ᠱᠠᠩᠨᠠᠬᠤ ᠠᠷᠭ᠎ᠠ ᠬᠡᠮᠵᠢᠶ᠎ᠡ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃        ︵ᠬᠤᠶᠠᠷ︶ ᠨᠢᠭᠡᠳᠦᠭᠡᠷ ᠵᠤᠷᠪᠤᠰ ᠤᠨ ᠨᠢᠭᠡᠳᠦᠭᠡᠷ ᠵᠦᠢᠯ ᠠᠴᠠ ᠲᠠᠪᠣᠳᠣᠭᠠᠷ ᠵᠦᠢᠯ ᠤᠨ ᠲᠣᠭᠲᠠᠭᠠᠯ ᠳᠤ ᠨᠡᠶᠢᠴᠡᠭᠰᠡᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠤᠷ᠎ᠠ᠂ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ ᠳᠡᠭᠡᠷ᠎ᠡ ᠨᠢᠭᠡ ᠵᠢᠯ ᠠᠴᠠ ᠨᠡᠮᠡᠭᠳᠡᠯ ᠲᠠᠢ ᠪᠠᠶᠢᠪᠠᠯ᠂ ᠨᠡᠮᠡᠭᠳᠡᠯ ᠤᠨ ᠲᠣᠭᠠᠨ ᠤ 0.1% ᠪᠠᠷ  ᠱᠠᠩᠨᠠᠵᠤ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ︵ᠭᠤᠷᠪᠠ︶ ᠨᠢᠭᠡᠳᠦᠭᠡᠷ ᠵᠤᠷᠪᠤᠰ ᠤᠨ ᠵᠢᠷᠭᠤᠳᠤᠭᠠᠷ ᠵᠦᠢᠯ ᠤᠨ ᠲᠣᠭᠲᠠᠭᠠᠯ ᠳᠤ ᠨᠡᠶᠢᠴᠡᠭᠰᠡᠨ   ᠪᠠᠭ᠎ᠠ ᠬᠡᠮᠵᠢᠶᠡᠨ ᠤ ᠵᠢᠭᠡᠯᠡᠯᠭᠡ ᠶᠢᠨ ᠺᠣᠮᠫᠠᠨᠢ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠬᠢᠭᠡᠳ ᠪᠤᠰᠤᠳ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠪᠤᠵᠠᠭᠠᠶᠢᠷᠠᠭᠤᠯᠵᠤ ᠤᠷᠮᠠᠰᠢᠭᠤᠯᠤᠨ᠂ ᠪᠡᠶ᠎ᠡ ᠪᠠᠨ ᠳᠠᠭᠠᠭᠠᠨ ᠮᠡᠳᠡᠭᠦᠯᠦᠭᠰᠡᠨ ᠰᠠᠭᠤᠷᠢᠨ ᠳᠡᠭᠡᠷ᠎ᠡ ︽ᠨᠢᠭᠡ  ᠣᠴᠢᠷ ᠢ ᠨᠢᠭᠡ ᠵᠦᠪᠳᠡᠬᠦ︾ ᠠᠷᠭ᠎ᠠ ᠮᠠᠶ᠋ᠢᠭ ᠢ ᠠᠪᠴᠤ  ᠱᠠᠩᠨᠠᠵᠤ᠂ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃         ᠭᠤᠷᠪᠠᠳᠤᠭᠠᠷ ᠵᠤᠷᠪᠤᠰ    ᠬᠤᠪᠢ ᠪᠠᠷ ᠢᠶᠠᠨ ᠵᠤᠭᠤᠰ ᠴᠤᠭᠯᠠᠭᠤᠯᠤᠭᠰᠠᠨ ᠰᠠᠭᠤᠷᠢ ᠮᠥᠩᠭᠦᠨ ᠤ ᠪᠡᠯᠡ ᠣᠷᠥᠭᠤᠯᠣᠯᠳᠠ ᠶᠢ ᠠᠬᠢᠭᠤᠯᠣᠨ᠎ᠠ         ︵ᠨᠢᠭᠡ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠬᠤᠪᠢ ᠪᠠᠷ ᠢᠶᠠᠨ ᠵᠤᠭᠤᠰ ᠴᠤᠭᠯᠠᠭᠤᠯᠤᠭᠰᠠᠨ ᠰᠠᠭᠤᠷᠢ ᠮᠥᠩᠭᠦ ᠶᠢᠨ ᠬᠠᠮᠢᠶᠠᠷᠤᠯᠲᠠ ᠵᠢᠴᠢ ᠲᠡᠭᠦᠨ ᠤ ᠲᠤᠰᠬᠠᠢ ᠬᠤᠪᠢᠶᠠᠷᠢ ᠺᠣᠮᠫᠠᠨᠢ ᠨᠢ ᠳᠤᠮᠳᠠᠳᠤ ᠤᠯᠤᠰ ᠤᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠦᠢᠯᠡᠰ ᠤᠨ ᠨᠡᠶᠢᠭᠡᠮᠯᠢᠭ ᠢᠶᠠᠷ ᠳᠠᠩᠰᠠᠯᠠᠭᠤᠯᠤᠭᠰᠠᠨ ᠪᠥᠭᠡᠳ ᠳᠠᠩᠰᠠᠯᠠᠭᠤᠯᠤᠭᠠᠳ ᠪᠦᠬᠦᠯᠢ ᠨᠢᠭᠡ ᠵᠢᠯ ᠪᠣᠯᠤᠭᠰᠠᠨ ᠪᠠᠶᠢᠪᠠᠯ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠤ  ᠱᠠᠩᠨᠠᠵᠤ᠂ ᠬᠠᠮᠤᠭ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃         ︵ᠬᠤᠶᠠᠷ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠰᠠᠭᠤᠷᠢ ᠮᠥᠩᠭᠦ ᠶᠢᠨ ᠬᠠᠮᠢᠶᠠᠷᠤᠭᠴᠢ ᠵᠢᠴᠢ ᠨᠠᠶᠢᠳᠠᠵᠤ ᠬᠠᠮᠢᠶᠡᠷᠣᠭᠤᠯᠬᠤ ᠪᠠᠩᠬᠢ ᠨᠢ ᠴᠥᠮ ᠬᠢᠶ᠎ᠠ ᠪᠠᠭᠰᠢ ᠲᠣᠭᠤᠷᠢᠭ ᠲᠤ ᠪᠠᠶᠢᠪᠠᠯ᠂ ᠳᠤᠮᠳᠠᠳᠤ ᠤᠯᠤᠰ ᠤᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠦᠢᠯᠡᠰ ᠤᠨ ᠨᠡᠶᠢᠭᠡᠮᠯᠢᠭ ᠲᠤ ᠳᠠᠩᠰᠠᠯᠠᠭᠤᠯᠤᠭᠰᠠᠨ ᠤ ᠳᠠᠷᠠᠭ᠎ᠠ᠂ ᠪᠡᠯᠡ ᠭᠠᠷᠭᠠᠭᠰᠠᠨ ᠪᠤᠶᠤ ᠴᠤᠭᠯᠠᠭᠤᠯᠤᠭᠰᠠᠨ ᠬᠡᠪᠴᠢᠶ᠎ᠡ ︵ᠪᠣᠳᠠᠲᠠᠶᠢᠵᠢᠭᠤᠯᠤᠭᠰᠠᠨ ᠪᠡᠯᠡ ᠮᠥᠩᠭᠦ ᠠᠴᠠ ᠡᠯ᠎ᠡ ᠱᠠᠲᠤᠨ ᠤ ᠵᠠᠰᠠᠭ ᠤᠨ ᠣᠷᠳᠣᠨ ᠤ ᠪᠡᠯᠡ ᠭᠠᠷᠭᠠᠭᠰᠠᠨ ᠬᠤᠪᠢ ᠶᠢᠨ ᠲᠤᠭ᠎ᠠ ᠶᠢ ᠬᠠᠰᠤᠵᠤ ᠪᠤᠳᠤᠨ᠎ᠠ︶ ᠶᠢᠨ 0.2% ᠢᠶᠠᠷ ᠰᠠᠭᠤᠷᠢ ᠮᠥᠩᠭᠦᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠪᠡᠯᠡ ᠴᠤᠭᠯᠠᠭᠤᠯᠤᠭᠰᠠᠨ  ᠱᠠᠩᠨᠠᠵᠤ᠂ ᠶᠡᠷᠦᠩᠬᠡᠢ ᠲᠤᠭ᠎ᠠ ᠶᠢ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ︵ᠭᠤᠷᠪᠠ︶ ᠬᠢᠶ᠎ᠠ ᠪᠠᠭᠰᠢ ᠲᠣᠭᠤᠷᠢᠭ ᠲᠤ ᠳᠠᠩᠰᠠᠯᠠᠭᠤᠯᠤᠭᠰᠠᠨ ᠰᠠᠭᠤᠷᠢ ᠮᠥᠩᠭᠦ᠂ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠠᠷᠭ᠎ᠠ ᠮᠠᠶ᠋ᠢᠭ ᠢᠶᠠᠷ ᠬᠢᠶ᠎ᠠ ᠪᠠᠭᠰᠢ ᠲᠣᠭᠤᠷᠢᠭ  ᠤᠨ ᠬᠡᠪᠴᠢᠶᠡᠨ ᠳᠠᠬᠢ ᠠᠵᠤ ᠠᠬᠤᠶᠢᠯᠠᠯ ᠳᠤ ᠪᠡᠯᠡ ᠣᠷᠣᠭᠤᠯᠤᠭᠰᠠᠨ ᠪᠠᠶᠢᠪᠠᠯ᠂ ᠪᠣᠳᠠᠲᠠᠢ ᠪᠡᠯᠡ ᠣᠷᠣᠭᠤᠯᠤᠭᠰᠠᠨ ᠳᠣᠭᠠᠨ ᠤ 1% ᠪᠠᠷ ᠰᠠᠭᠤᠷᠢ ᠮᠥᠩᠭᠦᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠪᠡᠯᠡ ᠤᠷᠤᠭᠤᠯᠤᠭᠰᠠᠨ ᠱᠠᠩᠨᠠᠵᠤ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ᠳᠥᠷᠪᠡᠳᠦᠭᠡᠷ ᠵᠤᠷᠪᠤᠰ      ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ        ︵ᠨᠢᠭᠡ︶ ᠬᠢᠶ᠎ᠠ ᠪᠠᠭᠰᠢ ᠲᠣᠭᠤᠷᠢᠭ ᠤᠨ ᠠᠵᠤ ᠠᠬᠤᠶᠢᠯᠠᠯ ᠤᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠵᠤ᠂ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠣᠷᠣᠵᠤ ︽ᠲᠢᠶᠠᠨ ᠵᠢᠶᠦ᠋ᠨ ᠲᠠᠯᠠᠪᠣᠷ︾ ᠲᠤ ᠫᠠᠶᠢᠰᠠ ᠡᠯᠭᠦᠭᠰᠡᠨ ᠪᠥᠭᠡᠳ ᠰᠲ᠋ᠣᠺ ᠤᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠪᠠᠶᠢᠪᠠᠯ᠂ ᠫᠠᠶᠢᠰᠠ ᠡᠯᠭᠦᠭᠰᠡᠨ ᠠᠵᠤ ᠠᠬᠤᠶᠢᠯᠠᠯ ᠳᠤ 30 ᠲᠦᠮᠡᠨ ᠲᠥᠭᠦᠷᠢᠭ ᠤᠨ ᠱᠠᠩᠨᠠᠯ ᠣᠯᠭᠤᠬᠤ ᠶᠢᠨ ᠬᠠᠮᠲᠤ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ 10 ᠲᠦᠮᠡᠨ ᠲᠥᠭᠦᠷᠢᠭ ᠱᠠᠩᠨᠠᠨ᠎ᠠ᠃        ︵ᠬᠤᠶᠠᠷ︶ ᠪᠥᠬᠦ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠷᠣᠭᠤᠯᠣᠭᠰᠠᠨ ᠬᠤᠪᠢ ᠶᠢ ᠰᠢᠯᠵᠢᠭᠦᠯᠬᠦ ᠰᠢᠰᠲ᠋ᠧᠮ ︵︽ᠰᠢᠨ᠎ᠡ ᠭᠤᠷᠪᠠᠨ ᠲᠠᠯᠠᠪᠤᠷ︾︶ ᠳᠤ ᠫᠠᠶᠢᠰᠠ ᠡᠯᠭᠦᠭᠰᠡᠨ ᠬᠢᠶ᠎ᠠ ᠪᠠᠭᠰᠢ ᠲᠣᠭᠤᠷᠢᠭ ᠤᠨ ᠪᠤᠶᠤ ᠨᠡᠭᠦᠵᠦ ᠢᠷᠡᠭᠰᠡᠨ ᠠᠵᠤ ᠠᠬᠤᠶᠢᠯᠠᠯ  ᠳᠤ 100 ᠲᠦᠮᠡᠨ ᠲᠥᠭᠦᠷᠢᠭ ᠱᠠᠩᠨᠠᠵᠤ᠂ ︽ᠰᠢᠨ᠎ᠡ ᠭᠤᠷᠪᠠᠨ ᠲᠠᠯᠠᠪᠤᠷ︾ ᠤᠨ ᠳᠣᠲᠣᠷ᠎ᠠ ᠳᠡᠰ ᠳᠠᠪᠰᠢᠬᠤ ᠶᠢ ᠪᠡᠶᠡᠯᠡᠭᠦᠯᠦᠭᠰᠡᠨ ᠪᠠᠶᠢᠪᠠᠯ  ᠪᠠᠰᠠ100 ᠲᠦᠮᠡᠨ ᠲᠥᠭᠦᠷᠢᠭ ᠤᠨ ᠱᠠᠩᠨᠠᠨ᠎ᠠ᠃          ︵ᠭᠤᠷᠪᠠ︶ ᠬᠢᠶ᠎ᠠ ᠪᠠᠭᠰᠢ ᠲᠣᠭᠤᠷᠢᠭ ᠤᠨ ︽  ᠰᠢᠨ᠎ᠡ ᠭᠤᠷᠪᠠᠨ ᠲᠠᠯᠠᠪᠤᠷ︾ ᠲᠤ ᠫᠠᠶᠢᠰᠠ ᠡᠯᠭᠦᠭᠰᠡᠨ ᠺᠣᠮᠫᠠᠨᠢ ᠶᠢᠨ ᠲᠠᠯᠠᠪᠤᠷ ᠰᠣᠯᠢᠬᠤ ᠬᠢᠯᠢ ᠶᠢᠨ ᠳᠣᠲᠣᠨ᠎ᠠ ᠭᠠᠳᠠᠨᠠᠬᠢ ᠭᠤᠣᠯ ᠠᠷᠠᠯᠵᠢᠶᠠᠨ ᠤ ᠭᠠᠵᠠᠷ ︵ᠪᠡᠭᠡᠵᠢᠩ᠂ ᠱᠠᠩᠬᠠᠢ᠂ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠰᠢᠶᠠᠩᠭᠠᠩ ᠤᠨ ᠬᠠᠮᠲᠤᠷᠠᠭᠰᠠᠨ ᠠᠷᠠᠯᠵᠢᠶᠠᠨ ᠤ ᠭᠠᠵᠠᠷ᠂ ᠨᠢᠦᠶᠦᠷᠺ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠨᠠᠰᠳᠠᠺ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ︶ ᠤᠨ ᠵᠠᠬ᠎ᠠ ᠳᠡᠯᠭᠡᠭᠦᠷ ᠲᠤ ᠭᠠᠷᠤᠭᠰᠠᠨ ᠳᠤ ᠳᠠᠬᠢᠨ 300 ᠲᠦᠮᠡᠨ ᠲᠥᠭᠦᠷᠢᠭ ᠤᠨ ᠱᠠᠩᠨᠠᠨ᠎ᠠ᠃           ︵ᠲᠦᠷᠪᠡ︶ ᠬᠢᠶ᠎ᠠ ᠪᠠᠭᠰᠢ ᠲᠣᠭᠤᠷᠢᠭ ᠤᠨ ᠠᠵᠤ ᠠᠬᠤᠶᠢᠯᠠᠯ  ᠤᠨ ᠡᠮᠦᠨ᠎ᠡ ᠳᠤᠷᠠᠳᠤᠭᠰᠠᠨ ᠬᠢᠯᠢ ᠶᠢᠨ ᠳᠣᠲᠣᠨ᠎ᠠ ᠭᠠᠳᠠᠨᠠᠬᠢ ᠭᠤᠣᠯ ᠲᠡᠮᠳᠡᠭᠲᠦ ᠠᠷᠠᠯᠵᠢᠶᠠᠨ ᠤ ᠭᠠᠵᠠᠷ ᠲᠤ ᠰᠢᠭᠤᠳ ᠵᠠᠬ᠎ᠠ ᠳᠡᠯᠭᠡᠭᠦᠷ ᠲᠤ ᠭᠠᠷᠤᠭᠰᠠᠳ ᠲᠤ 500 ᠲᠦᠮᠡᠨ ᠲᠥᠭᠦᠷᠢᠭ ᠤᠨ ᠱᠠᠩᠨᠠᠯ ᠥᠭᠭᠦᠨ᠎ᠡ᠃ ᠬᠢᠶ᠎ᠠ ᠪᠠᠭᠰᠢ ᠲᠣᠭᠤᠷᠢᠭ ᠠᠴᠠ ᠭᠠᠳᠠᠨᠠᠬᠢ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠨᠡᠭᠦᠵᠦ ᠢᠷᠡᠭᠰᠡᠨ ᠪᠠᠶᠢᠪᠠᠯ᠂ ᠬᠢᠶ᠎ᠠ ᠪᠠᠭᠰᠢ ᠲᠣᠭᠤᠷᠢᠭ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠲᠠᠢ  ᠠᠳᠠᠯᠢ ᠪᠠᠷ ᠦᠵᠡᠵᠦ  ᠬᠥᠬᠢᠭᠦᠯᠦᠨ ᠱᠠᠩᠨᠠᠨ᠎ᠠ᠃        ︵ᠲᠠᠪᠤ︶ ᠬᠢᠶ᠎ᠠ ᠪᠠᠭᠰᠢ ᠲᠣᠭᠤᠷᠢᠭ ᠤᠨ ᠠᠵᠤ ᠠᠬᠤᠶᠢᠯᠠᠯ ᠤᠨ ᠰᠢᠭᠤᠳ ᠪᠡᠯᠡ  ᠣᠷᠣᠭᠤᠯᠬᠤ ᠶᠢ ᠠᠬᠢᠭᠤᠯᠵᠤ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠬᠤᠪᠢ ᠲᠣᠬᠢᠷᠠᠭᠤᠯᠬᠤ᠂ ᠨᠡᠮᠡᠵᠦ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠬᠢᠨ ᠪᠡᠯᠡ  ᠤᠷᠤᠭᠤᠯᠬᠤ ᠶᠢ ᠪᠡᠶᠡᠯᠡᠭᠦᠯᠦᠭᠰᠡᠨ ᠵᠢᠴᠢ ᠪᠣᠳᠠᠲᠤ ᠴᠣᠭᠴᠠ ᠶᠢᠨ ᠠᠵᠤ ᠠᠬᠤᠶᠢᠯᠠᠯ ᠨᠢ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ᠂ ᠫᠢᠶᠣᠣ ᠪᠠᠷᠢᠮᠲᠠ ᠶᠢᠨ ᠪᠡᠯᠡ ᠤᠷᠤᠭᠤᠯᠬᠤ᠂ ᠰᠲ᠋ᠣᠺ ᠤᠨ ᠡᠷᠬᠡ ᠶᠢᠨ ᠪᠡᠯᠡ ᠤᠷᠤᠭᠤᠯᠬᠤ ︵IPO ᠪᠠᠭᠲᠠᠬᠤ ᠦᠭᠡᠢ︶᠂ ᠡᠳ᠋ ᠬᠥᠷᠥᠩᠭᠡ ᠶᠢᠨ ᠳᠡᠮᠳᠡᠭᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠭᠤᠳ ᠪᠡᠯᠡ ᠣᠷᠣᠭᠤᠯᠣᠭᠰᠠᠨ ᠪᠠᠶᠢᠪᠠᠯ᠂ ᠭᠤᠶᠤᠴᠢᠯᠠᠯ ᠢᠶᠠᠷ ᠪᠡᠯᠡ ᠣᠷᠣᠭᠤᠯᠣᠭᠰᠠᠨ ᠳᠣᠭᠠᠨ ᠤ 1% ᠶᠢᠨ ᠱᠠᠩᠨᠠᠵᠤ᠂ ᠠᠵᠤ ᠠᠬᠤᠶᠢᠯᠠᠯ ᠨᠢᠭᠡᠪᠦᠷᠢ ᠶᠢᠨ ᠵᠢᠯ ᠪᠦᠷᠢ ᠶᠢᠨ ᠲᠣᠰ ᠵᠦᠢᠯ ᠤᠨ ᠱᠠᠩᠨᠠᠯ ᠢ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃         ᠲᠠᠪᠤᠳᠤᠭᠠᠷ ᠵᠤᠷᠪᠤᠰ       ᠲᠣᠭᠠᠴᠢᠯᠠᠭᠰᠠᠨ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ         ︵ᠨᠢᠭᠡ︶ ᠡᠵᠡᠩᠨᠡᠯᠲᠡ ᠶᠢᠨ ᠲᠠᠪᠴᠠᠩ ᠳᠤ ᠨᠥᠬᠦᠪᠥᠷᠢ ᠣᠯᠭᠤᠨ᠎ᠠ᠃ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠠᠯᠪᠠᠨ ᠬᠡᠷᠡᠭᠯᠡᠭᠡᠨ ᠤ ᠬᠡᠷ ᠪᠠᠶᠢᠰᠢᠩ ᠤᠨ ᠲᠦᠷᠢᠶᠡᠰᠦᠯᠡᠨ ᠡᠵᠡᠩᠨᠡᠬᠦ ᠲᠠᠪᠴᠠᠩ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠪᠤᠰᠤᠳ ᠮᠥᠩᠭᠦᠨ ᠭᠦᠢᠯᠭᠡᠭᠡᠨ ᠤ ᠬᠤᠯᠪᠣᠭᠳᠠᠯ ᠪᠥᠬᠦᠶ ᠨᠢᠭᠡᠴᠡ ᠳᠤ ︽ᠭᠤᠷᠪᠠ ᠶᠢ ᠬᠡᠯᠲᠦᠷᠢᠭᠦᠯᠵᠦ ᠬᠤᠶᠠᠷ ᠢ ᠬᠠᠭᠠᠰ ᠢᠶᠠᠷ ᠬᠠᠰᠤᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ︵ᠡᠵᠡᠩᠨᠡᠯᠲᠡ ᠶᠢᠨ ᠲᠠᠪᠴᠠᠩ ᠤᠨ ᠲᠦᠷᠦᠭᠦᠤ ᠭᠤᠷᠪᠠᠨ ᠵᠢᠯ ᠳᠤ ᠲᠦᠷᠢᠶᠡᠰᠦᠨ ᠮᠥᠩᠭᠦ ᠶᠢ ᠭᠡᠯᠳᠦᠷᠢᠭᠦᠯᠦᠭᠰᠡᠨ ᠤ ᠳᠠᠷᠠᠭ᠎ᠠ ᠬᠤᠶᠠᠷ ᠵᠢᠯ ᠳᠤ ᠬᠠᠭᠠᠰ ᠢᠶᠠᠷ ᠬᠤᠷᠢᠶᠠᠨ᠎ᠠ︶ ᠤᠷᠢᠲᠠᠯ ᠳᠣᠤᠷ᠎ᠠ᠂  ᠲᠦᠷᠢᠶᠡᠰᠦᠨ ᠮᠦᠩᠭᠦ ᠶᠢᠨ ᠡᠮᠦᠨ᠎ᠡ ᠲᠠᠪᠤᠨ ᠵᠢᠯ ᠤᠨ 50% ᠪᠠᠷ ᠪᠠᠰᠠ ᠡᠷᠦᠬᠡ ᠪᠦᠷᠢ ᠵᠢᠯ ᠳᠤ 10 ᠲᠦᠮᠡᠨ ᠲᠦᠭᠦᠷᠢᠭ ᠠᠴᠠ ᠬᠡᠲᠦᠷᠡᠬᠦ ᠦᠭᠡᠢ ᠪᠠᠷᠢᠮᠵᠢᠶ᠎ᠠ ᠪᠠᠷ ᠡᠵᠡᠩᠨᠡᠯᠲᠡ ᠶᠢᠨ ᠲᠠᠪᠴᠠᠩ ᠳᠤ ᠨᠦᠬᠦᠪᠦᠷᠢ ᠣᠯᠭᠤᠵᠣ᠂ ᠡᠷᠦᠬᠡ ᠠᠮᠠ ᠣᠷᠣᠭᠤᠯᠬᠤ ᠳᠠᠭᠠᠨ ᠱᠠᠩᠨᠠᠬᠤ ᠪᠠᠨ ᠪᠣᠯᠢᠭᠰᠠᠨ ᠪᠤᠶᠤ ᠴᠢᠬᠤᠯᠠ ᠶᠡᠭᠡ ᠳᠠᠶᠢᠴᠢᠯᠠᠬᠤ ᠦᠢᠯᠡᠳᠦᠯ ᠲᠠᠢ ᠪᠠᠶᠢᠭᠤᠯᠤᠮᠵᠢ ᠶᠢ ᠣᠷᠤᠵᠤ ᠰᠠᠭᠤᠬᠤ ᠳᠤ ︽ᠨᠢᠭᠡ ᠬᠡᠷᠡᠭ ᠢ ᠨᠢᠭᠡ ᠵᠦᠪᠯᠡᠬᠦ︾ ᠠᠷᠭ᠎ᠠ ᠬᠡᠯᠪᠡᠷᠢ ᠶᠢ ᠠᠪᠴᠤ ᠪᠠᠶᠢᠭᠠᠳ ᠨᠦᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠵᠢᠯ ᠪᠦᠷᠢ ᠶᠢᠨ ᠨᠦᠬᠦᠪᠦᠷᠢ ᠮᠦᠩᠭᠦ ᠶᠢᠨ ᠲᠤᠭ᠎ᠠ ᠶᠢ ᠬᠠᠮᠤᠭ ᠤᠨ ᠦᠨᠳᠦᠷ ᠲᠤ ᠪᠠᠨ 1000 ᠲᠦᠮᠡᠨ ᠲᠦᠭᠦᠷᠢᠭ ᠠᠴᠠ ᠬᠡᠲᠦᠷᠡᠭᠦᠯᠬᠦ ᠦᠭᠡᠢ᠃         ︵ᠬᠤᠶᠠᠷ︶ ᠣᠷᠣᠵᠤ ᠢᠷᠡᠭᠰᠡᠨ ᠪᠠᠶᠢᠭᠤᠯᠤᠮᠵᠢ ᠳᠤ ᠨᠥᠬᠦᠪᠥᠷᠢ ᠣᠯᠭᠤᠨ᠎ᠠ᠃ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠦᠭᠰᠡᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠪᠤᠰᠤᠳ ᠮᠥᠩᠭᠦᠨ ᠭᠦᠢᠯᠭᠡᠭᠡᠨ ᠤ ᠬᠤᠯᠪᠣᠭᠳᠠᠯ ᠪᠦᠬᠦᠢ ᠨᠢᠭᠡᠴᠡ ᠨᠦᠭᠦᠳ ︽ᠭᠤᠷᠪᠠ ᠶᠢ ᠬᠡᠯᠲᠦᠷᠢᠭᠦᠯᠵᠦ ᠬᠤᠶᠠᠷ ᠢ ᠬᠠᠭᠠᠰ ᠢᠶᠠᠷ ᠬᠠᠰᠤᠬᠤ︾ ᠲᠥᠷᠥ ᠶᠢᠨ ᠪᠣᠳᠣᠯᠭ᠎ᠠ ᠶᠢ ᠰᠣᠩᠭᠤᠨ ᠬᠡᠷᠡᠭᠯᠡᠬᠦ ᠦᠭᠡᠶ ᠪᠣᠯ᠂ ᠲᠦᠷᠢᠶᠡᠰᠦᠨ ᠮᠥᠩᠭᠦ ᠶᠢᠨ ᠲᠦᠷᠦᠭᠦᠦ ᠲᠠᠪᠤᠨ ᠵᠢᠯ ᠤᠨ 50% ᠮᠦᠷᠳᠡᠭᠡᠨ ᠡᠷᠦᠬᠡ ᠪᠦᠷᠢ  ᠵᠢᠯ ᠳᠤ 20 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠶ ᠪᠠᠷᠢᠮᠵᠢᠶ᠎ᠠ  ᠪᠠᠷ ᠨᠥᠬᠦᠪᠥᠷᠢ ᠦᠭᠭᠦᠨ᠎ᠡ᠃ ᠡᠷᠦᠬᠡ ᠠᠮᠠ ᠣᠷᠣᠭᠤᠯᠤᠭᠰᠠᠨ ᠱᠠᠩᠨᠠᠯ ᠢᠶᠠᠨ ᠬᠠᠶᠠᠭᠰᠠᠨ ᠪᠤᠶᠤ ᠴᠢᠬᠤᠯᠠ ᠶᠡᠭᠡ ᠳᠠᠶᠢᠴᠢᠯᠠᠬᠤ ᠦᠢᠯᠡᠳᠦᠯ ᠲᠠᠢ ᠶᠢ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠨᠥᠬᠦᠪᠥᠷᠢ ᠥᠭᠬᠦ ᠪᠠᠷᠢᠮᠵᠢᠶ᠎ᠠ ᠶᠢ ᠲᠣᠭᠲᠠᠭᠠᠨ᠎ᠠ᠃        ︵ᠭᠤᠷᠪᠠ︶  ᠰᠠᠭᠤᠷᠢ ᠮᠥᠩᠭᠦᠨ ᠤ ᠬᠠᠮᠢᠶᠠᠷᠤᠯᠲᠠ ᠶᠢᠨ ᠪᠦᠯᠬᠦᠮ ᠳᠤ ᠴᠠᠯᠢᠩ ᠬᠥᠯᠦᠰᠦᠨ ᠤ ᠨᠥᠬᠦᠪᠥᠷᠢ ᠥᠭᠭᠦᠨ᠎ᠡ᠃ ᠳ᠋ᠢᠭᠢᠲ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠦᠭᠰᠡᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠳᠤᠮᠳᠠᠳᠤ ᠤᠯᠤᠰ ᠤᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠦᠢᠯᠡᠰ ᠤᠨ ᠨᠡᠶᠢᠭᠡᠮᠯᠢᠭ ᠲᠤ ᠳᠠᠩᠰᠠᠯᠠᠭᠤᠯᠤᠭᠰᠠᠨ ᠰᠠᠭᠤᠷᠢ ᠮᠥᠩᠭᠦ ᠬᠠᠮᠢᠶᠠᠷᠤᠭᠴᠢ ᠨᠢ ᠲᠡᠭᠦᠨ ᠤ ᠪᠡᠯᠡ ᠣᠷᠣᠭᠤᠯᠤᠯᠲᠠ᠂ ᠲᠦᠭᠰᠢᠭᠦᠷᠢ ᠶᠢ ᠡᠵᠡᠮᠳᠡᠵᠦ  ᠪᠠᠶᠢᠭ᠎ᠠ ᠭᠤᠤᠯᠯᠠᠬᠤ ᠪᠦᠷᠢᠯᠳᠦᠬᠦᠨ ᠳᠤ᠂ ᠲᠥᠷᠥ ᠶᠢᠨ ᠪᠣᠳᠣᠯᠭ᠎ᠠ ᠶᠢᠨ ᠬᠦᠴᠦᠨ ᠲᠠᠢ ᠬᠤᠭᠤᠴᠠᠭᠠᠨ ᠳᠤ ᠭᠠᠶᠢᠯᠢ ᠶᠢᠨ ᠳᠠᠷᠠᠭᠠᠬᠢ ᠵᠢᠯ ᠤᠨ ᠴᠠᠯᠢᠩ ᠤᠨ 10% ᠪᠠᠷ ᠨᠥᠬᠦᠪᠥᠷᠢ ᠣᠯᠭᠤᠨ᠎ᠠ᠃ ᠬᠠᠮᠢᠶᠠᠷᠤᠭᠴᠢ ᠨᠢᠭᠡᠪᠦᠷᠢ ᠵᠢᠯ ᠳᠤ ᠬᠠᠮᠤᠭ ᠠᠷᠪᠢᠨ ᠳᠠᠭᠠᠨ 2 ᠨᠡᠷᠡᠰ ᠪᠦᠯᠬᠦᠮ ᠨᠡᠶᠢᠲᠡ ᠶᠢᠨ ᠪᠦᠷᠢᠯᠳᠦᠬᠦᠨ ᠢ ᠲᠠᠨᠢᠯᠴᠠᠭᠤᠯᠵᠤ ᠪᠣᠯᠤᠨ᠎ᠠ᠂ ᠬᠥᠮᠦᠨ ᠪᠦᠷᠢ ᠶᠢᠨ ᠱᠠᠩᠨᠠᠯ ᠤᠨ ᠮᠥᠩᠭᠦ ᠶᠢ ᠨᠡᠶᠢᠲᠡ 20 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ︵ᠳᠥᠷᠪᠡ︶ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠰᠢᠭ ᠣᠷᠣᠯᠭ᠎ᠠ ᠶᠢᠨ ᠱᠠᠩᠨᠠᠯ ᠣᠯᠭᠤᠨ᠎ᠠ᠃ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠦᠭᠰᠡᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠦᠢᠯᠡᠰ ᠤᠨ ᠨᠡᠶᠢᠬᠡᠮᠯᠢᠭ ᠢᠶᠠᠷ ᠳᠠᠩᠰᠠᠯᠠᠭᠤᠯᠤᠭᠰᠠᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠭᠴᠢ ︵ᠬᠠᠤᠯᠢ ᠶᠢᠨ ᠡᠷᠬᠡᠲᠡᠨ ᠤ ᠪᠤᠰᠤ ᠪᠠᠶᠢᠭᠤᠯᠣᠮᠵᠢ᠂ ᠪᠠᠭ᠎ᠠ ᠬᠡᠯᠪᠡᠷᠢ ᠶᠢᠨ ᠥᠴᠦᠬᠡᠨ ᠠᠰᠢᠭ ᠣᠯᠤᠭᠰᠠᠨ ᠠᠵᠤ ᠠᠬᠤᠶᠢᠯᠠᠯ ᠢ ᠪᠠᠭᠲᠠᠬᠤ ᠦᠭᠡᠢ︶ ᠂ ᠳᠡᠭᠡᠷ᠎ᠡ ᠵᠢᠯ ᠤᠨ ᠬᠠᠮᠢᠶᠠᠷᠴᠤ ᠪᠠᠶᠢᠭ᠎ᠠ ᠬᠢᠶ᠎ᠠ ᠪᠠᠭᠰᠢ ᠲᠣᠭᠤᠷᠢᠭ ᠤᠨ ᠳᠠᠩᠰᠠᠯᠠᠭᠤᠯᠤᠭᠰᠠᠨ ᠰᠠᠭᠤᠷᠢ ᠮᠥᠩᠭᠦ ᠶᠢ ᠪᠤᠴᠠᠭᠠᠨ ᠭᠠᠷᠭᠠᠬᠤ ᠦᠶ᠎ᠡ ᠳᠤ ᠬᠠᠮᠢᠶᠠᠷᠤᠭᠴᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠠᠷᠠᠮᠵᠢ ᠶᠢᠨ 3.5% ᠪᠠ ᠲᠣᠰ ᠰᠠᠭᠤᠷᠢ ᠮᠥᠩᠭᠦ ᠶᠢᠨ ᠪᠠᠶᠢᠭᠠᠯᠢ ᠬᠥᠮᠥᠨ ᠤ ᠪᠡᠯᠡ ᠣᠷᠣᠭᠤᠯᠤᠯᠲᠠ ᠶᠢᠨ ᠠᠰᠢᠭ ᠣᠯᠵᠠᠪᠤᠷᠢ ᠶᠢᠨ 3% ᠪᠠᠷ ᠬᠠᠮᠢᠶᠠᠷᠤᠭᠴᠢ ᠶᠢ ᠱᠠᠩᠨᠠᠨ ᠬᠥᠬᠢᠭᠦᠯᠵᠦ᠂ ᠭᠠᠭᠴᠠ ᠰᠠᠭᠤᠷᠢ ᠮᠥᠩᠭᠦ ᠶᠢᠨ ᠱᠠᠩᠨᠠᠯ ᠤᠨ ᠵᠣᠭᠤᠰ ᠤᠨ ᠲᠤᠭ᠎ᠠ ᠶᠢ ᠨᠡᠶᠢᠲᠡ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃        ︵ᠲᠠᠪᠤ︶ ᠰᠠᠭᠤᠷᠢ ᠮᠥᠩᠭᠦᠨ ᠤ ᠠᠶᠤᠯ ᠲᠦᠭᠰᠢᠭᠦᠷᠢ ᠶᠢᠨ ᠨᠥᠬᠦᠪᠥᠷᠢ ᠣᠯᠭᠤᠨ᠎ᠠ᠃ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠬᠢᠶ᠎ᠠ ᠪᠠᠭᠰᠢ ᠲᠣᠭᠤᠷᠢᠭ ᠤᠨ ᠠᠵᠤ ᠠᠬᠤᠶᠢᠯᠠᠯ ᠳᠤᠪᠠᠯᠠ ᠣᠷᠣᠭᠤᠯᠤᠭᠰᠠᠨ ᠠᠴᠠ ᠪᠣᠯᠵᠣ ᠰᠢᠭᠤᠳ ᠬᠤᠬᠢᠷᠠᠯ ᠪᠣᠯᠤᠭᠰᠠᠨ ᠪᠠᠶᠢᠪᠠᠯ᠂ ᠲᠡᠭᠦᠨ ᠤ ᠪᠣᠳᠠᠲᠠᠶ ᠪᠠᠯᠠ ᠣᠷᠣᠭᠤᠯᠤᠯᠲᠠ ᠶᠢᠨ ᠬᠤᠬᠢᠷᠠᠯ ᠤᠨ 20% ᠪᠠᠷ ᠲᠦᠭᠰᠢᠭᠦᠷᠢ ᠶᠢᠨ ᠨᠥᠬᠦᠪᠥᠷᠢ ᠣᠯᠭᠤᠵᠤ᠂ ᠲᠠᠩ ᠭᠠᠭᠴᠠ ᠲᠥᠷᠥᠯ ᠵᠦᠢᠯ ᠤᠨ ᠨᠥᠬᠦᠪᠥᠷᠢ ᠶᠢᠨ ᠲᠤᠭ᠎ᠠ ᠶᠢ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠠᠳᠠᠯᠢ ᠨᠢᠭᠡᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠭᠤᠶᠤᠴᠢᠯᠠᠬᠤ ᠲᠦᠭᠰᠢᠭᠦᠷᠢ ᠶᠢᠨ ᠨᠥᠬᠦᠪᠥᠷᠢ ᠵᠣᠭᠤᠰ ᠤᠨ ᠲᠤᠭ᠎ᠠ ᠶᠢ ᠬᠠᠮᠤᠭ ᠥᠨᠳᠥᠷ ᠲᠡᠭᠡᠨ 200 ᠲᠦᠮᠡᠨ ᠲᠥᠭᠦᠷᠢᠭ ᠠᠴᠠ ᠬᠡᠲᠦᠷᠡᠭᠦᠯᠵᠦ ᠦᠭᠡᠢ᠃        ︵ᠵᠢᠷᠭᠤᠭ᠎ᠠ︶ ᠰᠲ᠋ᠣᠺ ᠡᠵᠡᠮᠳᠡᠬᠦ ᠲᠠᠪᠴᠠᠩ ᠳᠤ ᠱᠠᠩᠨᠠᠯ ᠥᠭᠭᠦᠨ᠎ᠡ᠃ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠠᠵᠢᠯᠲᠠᠨ ᠤ ᠰᠲ᠋ᠣᠺ ᠡᠵᠡᠮᠰᠢᠬᠦ ᠲᠠᠪᠴᠠᠩ ᠨᠢ ᠠᠵᠤ ᠠᠬᠤᠶᠢᠯᠠᠯ ᠵᠠᠬ᠎ᠠ ᠳᠡᠯᠭᠡᠭᠦᠷ ᠲᠤ ᠭᠠᠷᠬᠤ ᠳᠤ ︽ᠡᠵᠡᠮᠳᠡᠯ ᠢᠶᠠᠨ ᠬᠠᠰᠤᠬᠤ ᠂ ᠨᠡᠶᠢᠯᠡᠭᠦᠯᠦᠨ ᠬᠤᠳᠠᠯᠳᠤᠨ ᠠᠪᠬᠤ᠂ ᠳᠠᠬᠢᠨ ᠵᠣᠬᠢᠶᠠᠨ ᠪᠠᠶᠢᠭᠤᠯᠬᠤ︾ ᠵᠡᠷᠭᠡ ᠶᠠᠪᠤᠳᠠᠯ ᠭᠠᠷᠴᠤ᠂ ᠪᠡᠶ᠎ᠡ ᠪᠠᠨ ᠳᠠᠭᠠᠭᠠᠵᠤ ᠮᠡᠳᠡᠭᠦᠯᠦᠭᠰᠡᠨ ᠰᠠᠭᠤᠷᠢᠨ ᠳᠡᠭᠡᠷ᠎ᠡ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠱᠠᠩᠨᠠᠨ ᠬᠥᠬᠢᠭᠦᠯᠦᠨ᠎ᠡ᠃         ᠵᠢᠷᠭᠤᠳᠤᠭᠠᠷ ᠵᠤᠷᠪᠤᠰ      ᠮᠥᠩᠭᠦᠨ ᠭᠦᠢᠯᠭᠡᠭᠡᠨ ᠤ ᠲᠠᠪᠤᠨ ᠬᠠᠭᠤᠳᠠᠰᠤ ᠶᠡᠭᠡ ᠶᠠᠪᠤᠳᠠᠯ ᠢ ᠰᠠᠶᠢᠲᠤᠷ ᠬᠢᠨ᠎ᠡ         ︵ᠨᠢᠭᠡ︶ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠠᠷᠢᠶᠠᠯᠠᠩ ᠮᠠᠯ ᠠᠵᠤ ᠠᠬᠤᠶ ᠶᠢᠨ ᠣᠨᠴᠠᠯᠢᠭᠲᠤ ᠮᠥᠩᠭᠦᠨ ᠭᠦᠢᠯᠭᠡᠭᠡ᠂ ᠤᠳᠤ ᠦᠶ᠎ᠡ ᠶᠢᠨ ᠡᠨᠧᠷᠭᠢ ᠶᠢᠨ ᠮᠥᠩᠭᠦᠨ ᠭᠦᠢᠯᠭᠡᠭᠡ᠂ ᠨᠡᠭᠡᠭᠡᠯᠲᠡᠲᠦ ᠮᠥᠩᠭᠦᠨ ᠭᠦᠢᠯᠭᠡᠭᠡ ᠵᠡᠷᠭᠡ ᠮᠥᠩᠭᠦᠨ ᠭᠦᠢᠯᠭᠡᠭᠡᠨ ᠤ ᠳᠡᠮᠵᠢᠯᠭᠡ ᠶᠢᠨ ᠭᠤᠣᠯᠳᠠᠯᠭ᠎ᠠ ᠲᠠᠢ ᠠᠵᠤ ᠦᠢᠯᠡᠰ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ᠂ ᠪᠣᠬᠢᠷᠲᠤᠯ ᠦᠭᠡᠢ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯ ᠤᠨ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠲᠣᠭᠠᠴᠢᠯᠠᠭᠰᠠᠨ ᠮᠥᠩᠭᠦᠨ ᠭᠦᠢᠯᠭᠡᠭᠡᠨ ᠤ ︽ᠲᠠᠪᠤᠨ ᠶᠡᠭᠡ ᠵᠣᠬᠢᠶᠠᠯ︾ ᠤᠨ ᠬᠦᠷᠢᠶᠡᠨ ᠳᠤ ᠰᠢᠪᠲᠤᠯᠤᠯᠲᠠ ᠶᠢᠨ ᠴᠢᠨᠠᠷᠲᠠᠢ ᠠᠬᠢᠴᠠ ᠪᠤᠶᠤ ᠲᠤᠪᠤᠶᠢᠮ᠎ᠠ ᠬᠤᠪᠢ ᠨᠡᠮᠡᠷᠢ ᠦᠵᠡᠭᠦᠯᠵᠦ᠂ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠦᠭᠰᠡᠨ ᠰᠠᠭᠤᠷᠢᠨ ᠳᠡᠭᠡᠷ᠎ᠡ ︽ᠬᠢᠶ᠎ᠠ ᠪᠠᠭᠰᠢ ᠶᠢᠨ ᠮᠥᠩᠭᠦᠨ ᠭᠦᠢᠯᠭᠡᠭᠡᠨ ᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠱᠠᠩᠨᠠᠯ︾ ᠢ ᠰᠢᠯᠭᠠᠷᠠᠭᠤᠯᠬᠤ ᠶᠢᠨ ᠬᠠᠮᠲᠤ ᠱᠠᠩᠨᠠᠯ ᠣᠯᠭᠤᠨ᠎ᠠ᠃        ︵ᠬᠤᠶᠠᠷ︶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠬᠢᠶ᠎ᠠ ᠪᠠᠭᠰᠢ ᠲᠣᠭᠤᠷᠢᠭ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠳᠠᠭᠠᠭᠠᠯᠲᠠ ᠬᠠᠩᠭᠠᠭᠰᠠᠨ ᠪᠠᠶᠢᠪᠠᠯ᠂ ᠲᠤᠬᠠᠶ ᠶᠢᠨ ᠵᠢᠯ ᠤᠨ ᠰᠢᠨ᠎ᠡ ᠪᠠᠷ ᠨᠡᠮᠡᠭᠳᠡᠭᠰᠡᠨ ᠳᠠᠭᠠᠭᠠᠯᠲᠠ ᠶᠢᠨ ᠲᠤᠭ᠎ᠠ ᠶᠢᠨ 0.1% ᠪᠠᠷ ᠨᠥᠬᠦᠪᠥᠷᠢ ᠣᠯᠭᠤᠨ᠎ᠠ ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠷᠡᠭᠳᠡᠵᠦ᠂ ᠵᠢᠭᠡᠯᠡᠯᠭᠡ ᠶᠢᠨ ᠪᠠᠯᠠ ᠮᠥᠩᠭᠦ ᠶᠢ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ᠂ ᠪᠣᠬᠢᠷᠲᠤᠯ ᠦᠭᠡᠢ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠲᠣᠭᠠᠴᠢᠯᠠᠭᠰᠠᠨ ᠮᠥᠩᠭᠦᠨ ᠭᠦᠢᠯᠭᠡᠭᠡ ᠵᠡᠷᠭᠡ ᠬᠦᠷᠢᠶᠡᠨ ᠳᠤ ᠬᠡᠷᠡᠭᠯᠡᠭᠰᠡᠨ  ᠪᠠᠶᠢᠪᠠᠯ ᠳᠠᠬᠢᠨ ᠳᠠᠭᠠᠭᠠᠯᠲᠠ ᠶᠢᠨ ᠲᠤᠭ᠎ᠠ ᠶᠢᠨ 0.1% ᠶᠢᠨ ᠨᠥᠬᠦᠪᠥᠷᠢ ᠥᠭᠴᠦ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠨᠢᠭᠡᠪᠦᠷᠢ ᠳᠤ ᠨᠥᠬᠦᠪᠥᠷᠢ ᠶᠢᠨ ᠵᠣᠭᠤᠰ ᠤᠨ ᠲᠤᠭ᠎ᠠ ᠶᠢ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃         ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠪᠠᠩᠬᠢ ᠶᠢᠨ ᠰᠠᠯᠪᠤᠷᠢ ᠪᠠᠩᠬᠢ ᠪᠠᠶᠢᠭᠤᠯᠬᠤ ᠶᠢᠨ ᠬᠠᠮᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠭ᠎ᠠ ᠲᠠᠢ ᠵᠢᠭᠡᠯᠡᠯᠭᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠵᠢᠭᠡᠯᠡᠯᠭᠡ᠂ ᠪᠡᠯᠡ ᠣᠷᠣᠭᠤᠯᠤᠯᠲᠠ᠂ ᠳᠠᠭᠠᠳᠬᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠩᠬᠢ ᠶᠢᠨ ᠪᠡᠯᠡ ᠣᠷᠣᠭᠤᠯᠤᠯᠲᠠ ᠵᠢᠭᠡᠯᠡᠯᠭᠡ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠣᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠨᠡᠯᠡᠨ ᠵᠢᠱᠢᠬᠦ ᠪᠠᠶᠢᠭᠤᠯᠤᠮᠵᠢ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠢᠵᠢ ᠪᠦᠷᠢᠳᠦᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠬᠤ ᠶᠢ ᠳᠠᠮᠵᠢᠵᠤ᠂ ᠡᠷᠦᠬᠡ ᠠᠮᠠ ᠣᠷᠣᠬᠤ ᠬᠤᠯᠪᠣᠭᠳᠠᠯ ᠪᠦᠬᠦᠢ ᠱᠠᠩᠨᠠᠯ ᠪᠠ ᠭᠡᠷ ᠤᠨ ᠲᠦᠷᠢᠶᠡᠰᠦᠨ ᠤ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃        ︵ᠲᠦᠷᠪᠡ︶ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ ᠪᠠᠨ ᠴᠢᠩᠭᠠᠳᠬᠠᠨ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠤᠯᠳᠠᠯᠭ᠎ᠠ ᠲᠠᠢ ᠬᠦᠷᠢᠶᠡᠨ ᠳᠠᠬᠢ ᠪᠠᠯᠠ ᠣᠷᠣᠭᠤᠯᠵᠤ ᠪᠠᠯᠠ ᠲᠣᠬᠢᠷᠠᠭᠤᠯᠬᠤ ᠴᠠᠭᠠᠨ ᠨᠡᠷᠡᠰ ᠢ ᠲᠠᠨᠢᠯᠴᠠᠭᠤᠯᠬᠤ ᠶᠢ ᠳᠡᠮᠵᠢᠨ᠎ᠡ᠃ ᠭᠤᠣᠯᠳᠠᠯᠭ᠎ᠠ ᠲᠠᠢ ᠬᠦᠷᠢᠶᠡᠨ ᠳᠠᠬᠢ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠬᠤᠷᠠᠯ ᠪᠠ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠠᠮ ᠤᠨ ᠲᠣᠭᠯᠠᠯᠲᠠ ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠲᠥᠰᠥᠯ ᠢᠶᠠᠷ ᠵᠢᠯᠣᠭᠤᠳᠬᠤ᠂ ᠲᠠᠯᠠᠪᠤᠷ ᠭᠠᠵᠠᠷ ᠬᠠᠩᠭᠠᠬᠤ ᠪᠤᠶᠤ ᠵᠠᠷᠤᠳᠠᠯ ᠤᠨ ᠳᠠᠩᠰᠠ ᠲᠠᠶᠢᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢᠨ ︽ᠲᠠᠪᠤᠨ ᠬᠠᠭᠤᠳᠠᠰᠣ ᠶᠡᠭᠡ ᠶᠠᠪᠣᠳᠠᠯ︾ ᠤᠨ ᠬᠠᠮᠢᠶ᠎ᠠ ᠪᠦᠬᠦᠢ ᠠᠵᠢᠯᠯᠠᠭ᠎ᠠ ᠥᠷᠨᠢᠭᠦᠯᠬᠦ ᠶᠢ ᠳᠡᠮᠵᠢᠨ᠎ᠡ᠃        ᠳᠣᠯᠣᠳᠤᠭᠠᠷ ᠵᠤᠷᠪᠤᠰ    ᠬᠥᠷᠥᠩᠭᠡ ᠪᠠᠷ ᠬᠤᠳᠠᠯᠳᠤᠭᠠᠴᠢᠨ ᠤᠷᠢᠬᠤ ᠶᠢ ᠳᠡᠮᠵᠢᠵᠦ ᠪᠤᠵᠠᠭᠠᠶᠢᠷᠠᠭᠤᠯᠤᠨ᠎ᠠ        ︵ᠨᠢᠭᠡ︶ ᠬᠥᠷᠥᠩᠭᠡ ᠪᠠᠷ ᠬᠤᠳᠠᠯᠳᠤᠭᠠᠴᠢᠨ ᠤᠷᠢᠬᠤ ᠶᠢ ᠵᠣᠷᠢᠭᠵᠢᠭᠤᠯᠵᠤ᠂ ᠳᠠᠩᠰᠠᠯᠠᠭᠤᠯᠤᠭᠰᠠᠨ ᠰᠠᠭᠤᠷᠢ ᠮᠥᠩᠭᠦ ᠶᠢ ᠠᠵᠤ ᠠᠬᠤᠶᠢᠯᠠᠯ ᠳᠤ ᠣᠷᠣᠭᠤᠯᠤᠭᠰᠠᠨ ᠤ ᠳᠠᠷᠠᠭ᠎ᠠ᠂ ᠪᠡᠯᠡ ᠣᠷᠣᠭᠤᠯᠤᠭᠳᠠᠭᠰᠠᠨ ᠠᠵᠤ ᠠᠬᠤᠶᠢᠯᠠᠯ ᠪᠤᠶᠤ ᠲᠥᠷᠥᠯ ᠵᠦᠢᠯ ᠢ ᠬᠢᠶ᠎ᠠ ᠪᠠᠭᠰᠢ ᠲᠣᠭᠤᠷᠢᠭ ᠲᠤ ᠣᠷᠣᠭᠤᠯᠤᠭᠰᠠᠨ ᠪᠠᠶᠢᠪᠠᠯ᠂ ᠠᠵᠤ ᠠᠬᠤᠶᠢᠯᠠᠯ ᠪᠤᠶᠤ ᠲᠥᠷᠥᠯ ᠵᠦᠢᠯ ᠤᠨ ᠲᠣᠰ ᠰᠠᠭᠤᠷᠢ ᠮᠥᠩᠭᠦ ᠳᠤ ᠣᠷᠣᠭᠤᠯᠤᠭᠰᠠᠨ ᠪᠣᠳᠠᠲᠠᠶ ᠰᠲ᠋ᠣᠺ ᠤᠨ ᠡᠷᠬᠡ ᠶᠢᠨ ᠲᠣᠬᠢᠷᠠᠭᠤᠯᠭ᠎ᠠ ᠶᠢᠨ ᠲᠤᠭ᠎ᠠ ᠶᠢᠨ 1% ᠪᠠᠷ ᠰᠢᠨ᠎ᠡ ᠪᠠᠷ ᠨᠠᠶᠢᠳᠠᠪᠤᠷᠢᠵᠢᠭᠤᠯᠤᠭᠰᠠᠨ ᠠᠵᠤ ᠠᠬᠤᠶᠢᠯᠠᠯ ︵ᠪᠤᠶᠤ ᠲᠥᠷᠥᠯ ᠵᠦᠢᠯ︶ ᠵᠢᠴᠢ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ  ᠳᠤ ᠬᠤᠤᠰ ᠴᠢᠭᠯᠡᠯ ᠢᠶᠠᠷ ᠱᠠᠩᠨᠠᠵᠤ᠂ ᠬᠠᠮᠤᠭ ᠥᠨᠳᠥᠷ ᠲᠡᠭᠡᠨ ᠲᠣᠰ ᠲᠣᠰ 200 ᠲᠦᠮᠡᠨ ᠲᠥᠭᠦᠷᠢᠭ ᠠᠴᠠ ᠬᠡᠲᠦᠷᠡᠭᠦᠯᠵᠦ ᠦᠭᠡᠢ᠃         ︵ᠬᠤᠶᠠᠷ︶ ᠵᠠᠰᠠᠭ ᠤᠨ ᠣᠷᠳᠣᠨ ᠤ ᠬᠥᠲᠥᠯᠥᠨ ᠵᠢᠯᠣᠭᠤᠳᠬᠤ ᠰᠠᠭᠤᠷᠢ ᠮᠥᠩᠭᠦ ᠪᠠᠶᠢᠭᠤᠯᠵᠤ᠂ ᠵᠠᠰᠠᠭ ᠤᠨ ᠣᠷᠳᠣᠨ ᠤ ᠰᠢᠭᠤᠳ ᠪᠤᠶᠤ ᠳᠠᠮ ᠢᠶᠠᠷ ᠪᠡᠯᠡ ᠭᠠᠷᠭᠠᠭᠰᠠᠨ ᠬᠡᠰᠡᠭ ᠤᠨ ᠠᠰᠢᠭ ᠣᠯᠵᠠᠪᠤᠷᠢ ᠶᠢ ᠰᠢᠯᠵᠢᠭᠦᠯᠦᠨ ᠲᠤᠰᠢᠶᠠᠬᠤ ᠶᠢ ᠵᠣᠷᠢᠭᠵᠢᠭᠤᠯᠣᠨ᠂ ᠬᠤᠷᠰᠢᠬᠤ ᠬᠡᠯᠡᠯᠴᠡᠭᠡᠷ ᠪᠤᠶᠤ ᠳᠦᠷᠢᠮ ᠢᠶᠠᠷ ᠳᠠᠮᠵᠢᠭᠤᠯᠤᠨ ᠪᠣᠳᠠᠲᠠᠶ ᠪᠣᠯᠵᠣᠵᠤ ᠲᠣᠭᠲᠠᠭᠰᠠᠨ ᠬᠡᠰᠡᠭ ᠪᠤᠶᠤ ᠪᠦᠬᠦᠨ ᠢ ᠨᠡᠶᠢᠭᠡᠮ ᠤᠨ ᠬᠥᠷᠥᠩᠭᠡ ᠮᠥᠩᠭᠦ᠂ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠰᠢᠯᠵᠢᠭᠦᠯᠦᠨ ᠦᠭᠭᠦᠨ᠎ᠡ᠃         ︵ᠭᠤᠷᠪᠠ︶ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠺᠣᠮᠫᠠᠨᠢ᠂ ᠠᠵᠢᠯ ᠲᠥᠷᠥᠯ ᠤᠨ ᠨᠡᠶᠢᠭᠡᠮᠯᠢᠭ᠂ ᠡᠵᠡᠩᠨᠡᠯᠲᠡ ᠶᠢᠨ ᠲᠠᠪᠴᠠᠩ ᠵᠡᠷᠭᠡ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠪᠤᠶᠤ ᠬᠤᠪᠢ ᠬᠥᠮᠦᠨ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠨᠡᠭᠦᠵᠦ ᠣᠷᠣᠬᠤ ᠵᠠᠩᠭᠢᠯᠠᠭ᠎ᠠ ᠶᠢᠨ ᠴᠢᠨᠠᠷᠲᠠᠶ ᠦᠢᠯᠡᠳᠦᠯ ᠢ ᠪᠠᠳᠠᠷᠠᠭᠤᠯᠵᠤ᠂ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠪᠤᠶᠤ ᠬᠤᠪᠢ ᠬᠥᠮᠦᠨ ᠢ ᠱᠠᠩᠨᠠᠨ ᠬᠥᠬᠢᠭᠦᠯᠵᠦ᠂  ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠬᠡᠲᠦᠷᠡᠭᠦᠯᠵᠦ ᠦᠭᠡᠢ᠃         ᠨᠠᠢᠮᠠᠳᠣᠭᠠᠷ ᠵᠤᠷᠪᠤᠰ     ᠮᠦᠡᠭᠬᠦᠨ ᠬᠦᠢᠯᠭᠡᠭᠡᠨ ᠤ ᠴᠢᠳᠡᠪᠦᠷᠢᠳᠡᠨ ᠢ ᠣᠷᠣᠭᠤᠯᠥᠨ ᠬᠦᠮᠦᠵᠢᠭᠦᠯᠭᠦ ᠶᠢ ᠴᠢᠩᠭᠠᠷᠡᠭᠤᠯᠥᠨ᠎ᠠ               ︵ᠨᠢᠭᠡ︶ ᠬᠢᠶ᠎ᠠ ᠪᠠᠭᠰᠢ ᠲᠣᠭᠤᠷᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠳᠤ ᠲᠤᠰᠢᠶᠠᠯ ᠡᠭᠦᠷᠭᠡᠯᠡᠭᠰᠡᠨ ᠪᠥᠭᠡᠳ ᠵᠢᠯ ᠤᠨ ᠴᠠᠯᠢᠩ ᠨᠢ ᠲᠣᠰ ᠬᠤᠲᠠ ᠶᠢᠨ ᠲᠦᠷᠦᠭᠦᠸ ᠵᠢᠯ ᠤᠨ ᠨᠡᠶᠢᠭᠡᠮ ᠤᠨ ᠳᠤᠮᠳᠠᠴᠢ ᠴᠠᠯᠢᠩ ᠤᠨ 6 ᠳᠠᠬᠢᠨ ᠵᠢᠴᠢ ᠲᠡᠭᠦᠨ ᠠᠴᠠ ᠳᠡᠭᠡᠭᠰᠢ ᠪᠣᠯᠤᠭᠰᠠᠨ ᠲᠣᠰ ᠪᠠᠶᠢᠭᠤᠯᠤᠮᠵᠢ ᠶᠢᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠴᠢᠳᠠᠪᠤᠷᠢᠲᠠᠨ ᠳᠤ᠂ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ ᠬᠢᠶ᠎ᠠ ᠪᠠᠭᠰᠢ ᠲᠣᠭᠤᠷᠢᠭ ︵ᠬᠤᠲᠠ ᠶᠢᠨ ᠨᠡᠶᠢᠭᠡᠮ ᠤᠨ ᠪᠠᠲᠤᠯᠠᠭ᠎ᠠ ᠶᠢ ᠪᠠᠭᠲᠠᠭᠠᠨ᠎ᠠ︶ ᠲᠤ ᠵᠠᠯᠭᠠᠭ᠎ᠠ ᠪᠠᠷ 2 ᠵᠢᠯ ᠨᠡᠶᠢᠭᠡᠮ ᠤᠨ ᠳᠠᠭᠠᠳᠬᠠᠯ ᠲᠤᠰᠢᠶᠠᠭᠰᠠᠨ ᠤ ᠳᠠᠷᠠᠭ᠎ᠠ᠂ ᠨᠢᠭᠡ ᠤᠳᠠᠭ᠎ᠠ ᠶᠢᠨ ᠴᠢᠨᠠᠷᠲᠠᠢ ᠪᠠᠷ ᠬᠥᠮᠥᠨ ᠪᠦᠷᠢ ᠳᠤ 5 ᠲᠦᠮᠡᠨ ᠲᠥᠭᠦᠷᠢᠭ ᠤᠨ ᠱᠠᠩᠨᠠᠯ ᠥᠭᠭᠦᠨ᠎ᠡ᠃        ︵ᠬᠤᠶᠠᠷ︶ ᠬᠢᠶ᠎ᠠ ᠪᠠᠭᠰᠢ ᠲᠣᠭᠤᠷᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠳᠤ ᠠᠵᠢᠯᠯᠠᠵᠤ ᠪᠠᠶᠢᠭ᠎ᠠ ᠮᠥᠷᠲᠡᠭᠡᠨ CFA ︵ᠣᠨᠴᠠ ᠵᠥᠪᠰᠢᠶᠡᠷᠡᠯ ᠤᠨ ᠪᠦᠷᠢᠳᠬᠡᠯ ᠲᠠᠢ ᠮᠥᠩᠭᠦᠨ ᠭᠦᠢᠯᠭᠡᠭᠡᠨ ᠤ ᠵᠠᠳᠠᠯᠤᠭᠴᠢ︶ ᠶᠢᠨ ᠦᠨᠡᠮᠯᠡᠯ᠂ ACCA ︵ᠣᠯᠠᠨ ᠤᠯᠤᠰ ᠤᠨ ᠪᠦᠷᠢᠳᠬᠡᠯ ᠲᠠᠢ ᠨᠢᠭᠲᠠᠯᠠᠨ ᠪᠤᠳᠤᠭᠴᠢ︶ ᠶᠢᠨ ᠦᠨᠡᠮᠯᠡᠯ᠂ CPA ︵  ᠪᠦᠷᠢᠳᠬᠡᠯ ᠲᠠᠢ ᠨᠢᠭᠲᠠᠯᠠᠨ ᠪᠤᠳᠤᠭᠴᠢ︶ ᠶᠢᠨ ᠦᠨᠡᠮᠯᠡᠯ᠂ ᠳᠠᠭᠠᠳᠬᠠᠯ ᠤᠨ ᠨᠠᠷᠢᠨ ᠪᠤᠳᠤᠭᠠᠴᠢ ᠶᠢᠨ ᠦᠨᠡᠮᠯᠡᠯ᠂ ᠡᠰᠡᠬᠦᠯ᠎ᠡ ᠪᠠᠲᠤᠯᠠᠨ ᠲᠠᠨᠢᠯᠴᠠᠭᠤᠯᠤᠭᠴᠢ ᠶᠢᠨ ᠬᠢᠷᠢ ᠬᠡᠮ ᠤᠨ ᠰᠢᠯᠭᠠᠯᠲᠠ᠂ ᠬᠡᠷᠡᠭ ᠮᠡᠳᠡᠭᠴᠢᠳ ᠤᠨ ᠵᠥᠪᠯᠡᠯ  ᠤᠨ ᠨᠠᠷᠢᠨ ᠪᠢᠴᠢᠭᠡᠴᠢ ᠶᠢᠨ ᠬᠢᠷᠢ ᠬᠡᠮ ᠤᠨ ᠰᠢᠯᠭᠠᠯᠲᠠ ᠶᠢ ᠥᠩᠭᠡᠷᠡᠭᠡᠭᠰᠡᠨ ᠮᠥᠩᠭᠦᠨ ᠭᠦᠢᠯᠭᠡᠭᠡᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠳᠤ᠂ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ ᠬᠢᠶ᠎ᠠ ᠪᠠᠭᠰᠢ ᠲᠣᠭᠤᠷᠢᠭ ︵ᠬᠤᠲᠠ ᠶᠢᠨ ᠨᠡᠶᠢᠭᠡᠮ ᠤᠨ ᠪᠠᠲᠤᠯᠠᠭ᠎ᠠ ᠶᠢ ᠪᠠᠭᠲᠠᠭᠠᠨ᠎ᠠ︶ ᠲᠤ ᠵᠠᠯᠭᠠᠭ᠎ᠠ ᠪᠠᠷ 2 ᠵᠢᠯ ᠨᠡᠶᠢᠭᠡᠮ ᠤᠨ ᠳᠠᠭᠠᠳᠬᠠᠯ ᠲᠤᠰᠢᠶᠠᠭᠰᠠᠨ ᠤ ᠳᠠᠷᠠᠭ᠎ᠠ᠂ ᠬᠥᠮᠥᠨ ᠪᠦᠷᠢ ᠳᠤ ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠤᠨ ᠱᠠᠩᠨᠠᠯ ᠥᠭᠭᠦᠨ᠎ᠡ᠃ ᠲᠤᠰ ᠵᠣᠷᠪᠣᠰ ᠤᠨ ᠨᠢᠭᠡᠳᠦᠭᠡᠷ ᠵᠦᠢᠯ ᠪᠠ ᠬᠤᠶᠠᠳᠤᠭᠠᠷ ᠵᠦᠢᠯ ᠢ ᠬᠠᠮᠲᠤ ᠳᠤᠨᠢ ᠬᠠᠩᠭᠠᠭᠰᠠᠨ ᠪᠠᠶᠢᠪᠠᠯ   ᠬᠤᠶᠠᠳᠠᠭᠢ ᠣᠳᠠᠭ᠎ᠠ ᠱᠠᠩᠨᠠᠬᠤ ᠦᠭᠡᠢ᠃        ︵ᠭᠤᠷᠪᠠ︶ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠠᠵᠢᠯ ᠤᠨ ᠦᠢᠯᠡᠴᠢᠯᠡᠭᠡᠨ ᠤ ᠲᠥᠪ ᠲᠤ ᠪᠦᠬᠦᠯᠢ ᠨᠢᠭᠡ ᠵᠢᠯ ᠠᠵᠢᠯᠯᠠᠭᠰᠠᠨ ᠪᠥᠭᠡᠳ ᠬᠢᠶ᠎ᠠ ᠪᠠᠭᠰᠢ ᠲᠣᠭᠤᠷᠢᠭ ᠲᠤ ᠵᠠᠭᠤᠨ ᠬᠦᠮᠦᠨ ᠠᠴᠠ ᠳᠡᠭᠡᠭᠰᠢ ᠬᠡᠪᠴᠢᠶᠡᠲᠦ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠮᠥᠵᠢᠭᠦᠯᠦᠯ᠂ ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠪᠤᠯᠪᠠᠰᠣᠷᠠᠯ᠂ ᠪᠡᠯᠡ ᠣᠷᠣᠭᠤᠯᠤᠭᠴᠢ ᠶᠢᠨ ᠬᠥᠮᠦᠵᠢᠯ᠂ ᠮᠥᠩᠭᠦᠨ ᠭᠦᠢᠯᠭᠡᠭᠡᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯᠯᠠᠭ᠎ᠠ ᠪᠠ ᠠᠵᠢᠯ ᠥᠷᠨᠢᠭᠦᠯᠦᠭᠰᠡᠨ ᠮᠥᠩᠭᠦᠨ ᠭᠦᠢᠯᠭᠡᠭᠡᠨ ᠤ ᠴᠢᠳᠠᠪᠤᠷᠢᠲᠠᠨ ᠳᠤ᠂ ᠨᠢᠭᠡ ᠤᠳᠠᠭ᠎ᠠ ᠶᠢᠨ ᠴᠢᠨᠠᠷᠲᠠᠢ ᠪᠠᠷ 1 ᠲᠦᠮᠡᠨ ᠲᠥᠭᠦᠷᠢᠭ ᠱᠠᠩᠨᠠᠨ᠎ᠠ᠃        ︵ᠳᠥᠷᠪᠡ︶ ᠬᠢᠶ᠎ᠠ ᠪᠠᠭᠰᠢ ᠲᠣᠭᠤᠷᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠣᠷᠣᠭᠤᠯᠤᠨ ᠠᠪᠴᠢᠷᠠᠭᠰᠠᠨ ᠲᠤᠰᠬᠠᠢ ᠣᠷᠣᠨ ᠤ ᠳᠡᠰ ᠤᠨ ᠬᠤᠲᠠ ᠵᠢᠴᠢ ᠲᠡᠭᠦᠨ ᠠᠴᠠ ᠳᠡᠭᠡᠭᠰᠢᠬᠢ ᠳᠡᠭᠡᠳᠦ ᠳᠡᠰ ᠤᠨ ᠴᠢᠳᠠᠪᠤᠷᠢᠲᠠᠨ᠂ ᠬᠤᠯᠪᠣᠭᠳᠠᠯ ᠪᠦᠬᠦᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠭᠰᠡᠨ ᠪᠠᠶᠢᠳᠠᠯ ᠳᠣᠣᠷ᠎ᠠ᠂ ᠲᠥᠷᠥ ᠶᠢᠨ ᠪᠣᠳᠣᠯᠭ᠎ᠠ ᠶᠢᠨ ᠬᠦᠴᠦᠨ ᠲᠠᠢ ᠬᠤᠭᠤᠴᠠᠭᠠᠨ ᠳᠤ ᠬᠤᠲᠠ ᠪᠤᠶᠤ ᠲᠣᠭᠤᠷᠢᠭ ᠤᠨ ᠬᠠᠩᠭᠠᠭᠰᠠᠨ ᠨᠡᠶᠢᠲᠡ ᠶᠢᠨ ᠪᠠᠶᠢᠷᠢ ᠶᠢ ᠰᠦᠢᠳᠬᠡᠯ ᠬᠤᠷᠢᠶᠠᠬᠤ ᠦᠭᠡᠢ ᠪᠠᠷ ᠬᠡᠷᠡᠭᠯᠡᠵᠦ᠂ ᠲᠣᠰ ᠠᠷᠭ᠎ᠠ ᠬᠡᠮᠵᠢᠶ᠎ᠡ ᠶᠢᠨ ᠬᠦᠴᠦᠨ ᠲᠠᠢ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠵᠢᠯ ᠤᠳ ᠲᠤ ᠬᠢᠶ᠎ᠠ ᠪᠠᠭᠰᠢ ᠲᠣᠭᠤᠷᠢᠭ ᠤᠨ ᠲᠣᠰ ᠭᠠᠵᠠᠷ ᠤᠨ ᠵᠠᠬ᠎ᠠ ᠳᠡᠯᠭᠡᠭᠦᠷ ᠤᠨ ᠭᠡᠷ ᠬᠥᠷᠥᠩᠭᠡ ᠶᠢᠨ ᠲᠦᠷᠢᠶᠡᠰᠦᠯᠡᠯ ᠤᠨ ᠦᠨ᠎ᠡ ᠬᠠᠩᠰᠢ ᠪᠠᠷ ᠬᠡᠷᠡᠭᠵᠢᠭᠦᠯᠦᠨ᠎ᠡ᠂ ᠲᠤᠬᠠᠢ ᠶᠢᠨ ᠦᠶ᠎ᠡ ᠳᠤ ᠬᠡᠷᠪᠡ ᠪᠤᠰᠤᠳ ᠬᠤᠯᠪᠣᠭᠳᠠᠯ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠠᠢ ᠪᠣᠯ ᠲᠡᠭᠦᠨ ᠤ ᠶᠣᠰᠣᠭᠠᠷ ᠬᠡᠷᠡᠭᠵᠢᠭᠦᠯᠵᠦ ᠪᠣᠯᠣᠨ᠎ᠠ᠃        ︵ᠲᠠᠪᠤ︶ ᠬᠢᠶ᠎ᠠ ᠪᠠᠭᠰᠢ ᠲᠣᠭᠤᠷᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠣᠷᠣᠭᠤᠯᠤᠨ ᠠᠪᠴᠢᠷᠠᠭᠰᠠᠨ ᠬᠤᠲᠠ᠂ ᠲᠣᠭᠤᠷᠢᠭ ᠬᠤᠶᠠᠷ ᠳᠡᠰ ᠤᠨ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠲᠣᠭᠲᠠᠭᠠᠯ ᠳᠤ ᠨᠡᠶᠢᠴᠡᠬᠦ ᠴᠢᠳᠠᠪᠤᠷᠢᠲᠠᠨ ᠳᠤ᠂ ᠣᠷᠣᠨ ᠰᠠᠭᠤᠴᠠ ᠶᠢᠨ ᠪᠠᠲᠤᠯᠠᠭ᠎ᠠ᠂ ᠬᠤᠯᠪᠣᠰᠤ ᠶᠢ ᠨᠢ ᠲᠥᠪᠬᠢᠨᠡᠭᠦᠯᠬᠦ᠂ ᠡᠷᠦᠬᠡ ᠠᠮᠠ ᠰᠢᠯᠵᠢᠭᠦᠯᠬᠦ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠵᠢᠴᠢ ᠪᠤᠰᠤᠳ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠠᠳᠠᠯᠢ ᠨᠥᠬᠦᠴᠡᠯ ᠤᠨ ᠳᠣᠣᠷ᠎ᠠ ᠬᠤᠲᠠ᠂ ᠲᠣᠭᠤᠷᠢᠭ ᠤᠨ ᠲᠤᠰᠬᠠᠢ ᠵᠦᠢᠯ ᠤᠨ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠤᠷᠢᠳᠠᠪᠠᠷ ᠬᠦᠷᠲᠡᠭᠡᠨ᠎ᠡ᠃         ᠶᠢᠰᠦᠳᠦᠭᠡᠷ ᠵᠤᠷᠪᠤᠰ     ᠮᠦᠩᠭᠦᠨ ᠭᠦᠢᠯᠭᠡᠭᠡᠨ ᠤ ᠲᠦᠬᠦᠷ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ        ︵ᠨᠢᠭᠡ︶ ᠬᠢᠶ᠎ᠠ ᠪᠠᠭᠰᠢ ᠳᠤ ᠳᠠᠩᠰᠠᠯᠠᠭᠤᠯᠤᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠳᠠᠩᠰᠠᠯᠠᠭᠤᠯᠬᠤ ᠶᠢ ᠬᠢᠨᠠᠨ ᠵᠥᠪᠰᠢᠶᠡᠷᠡᠬᠦ ᠂ ᠦᠢᠯᠡᠳᠪᠦᠷᠢ ᠬᠤᠳᠠᠯᠳᠣᠭᠠᠨ ᠤ  ᠪᠦᠷᠢᠳᠬᠡᠬᠦ ᠳᠤ ᠲᠥᠬᠦᠮ ᠦᠵᠡᠭᠦᠯᠵᠦ᠂ ᠳᠠᠭᠠᠭᠤᠯᠤᠨ ᠭᠦᠢᠴᠡᠳᠬᠡᠬᠦ᠂ ᠣᠷᠣᠯᠠᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠬᠤ ᠶᠢᠨ ᠬᠠᠮᠲᠤ ᠮᠥᠩᠭᠦᠨ ᠭᠦᠢᠯᠭᠡᠭᠡᠨ ᠤ ᠴᠤᠭᠯᠠᠷᠠᠯ ᠤᠨ ᠲᠣᠭᠤᠷᠢᠭ ᠤᠨ ᠠᠯᠪᠠᠯᠠᠬᠤ ᠭᠡᠷ ᠪᠠᠶᠢᠰᠢᠩ ᠳᠣᠭᠳᠠᠭᠠᠬᠤ ᠶᠢ ᠵᠣᠬᠢᠴᠠᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠯᠭᠡᠨ ᠣᠷᠣᠭᠤᠯᠤᠭᠰᠠᠨ ᠬᠤᠪᠢ ᠪᠠᠷ ᠢᠶᠠᠨ ᠴᠤᠭᠯᠠᠭᠤᠯᠤᠭᠰᠠᠨ ᠰᠠᠭᠤᠷᠢ ᠮᠥᠩᠭᠦ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠺᠣᠮᠫᠠᠨᠢ᠂ ᠡᠷᠬᠡ ᠠᠰᠢᠭ ᠤᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠵᠡᠷᠭᠡ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠨᠢ ᠵᠢᠭᠠᠨ ᠲᠣᠭᠲᠠᠭᠠᠭᠰᠠᠨ ᠮᠥᠩᠭᠦᠨ ᠭᠦᠢᠯᠭᠡᠭᠡᠨ ᠤ ᠴᠤᠭᠯᠠᠷᠠᠯ ᠤᠨ ᠲᠣᠭᠤᠷᠢᠭ ᠲᠤ ᠣᠷᠣᠵᠤ ᠰᠠᠭᠤᠪᠠᠯ᠂ ︽ᠠᠰ ᠠᠰ ᠢᠶᠠᠷ ᠨᠢ ᠵᠥᠪᠯᠡᠬᠦ︾ ᠠᠷᠭ᠎ᠠ ᠮᠠᠶ᠋ᠢᠭ ᠢ ᠠᠪᠴᠤ᠂ ᠪᠠᠶᠢᠭᠤᠯᠤᠮᠵᠢ ᠶᠢᠨ ᠳᠡᠩᠰᠡᠯᠡᠵᠦ ᠬᠢᠨᠠᠨ ᠵᠥᠪᠰᠢᠶᠡᠷᠡᠬᠦ᠂ ᠦᠢᠯᠡᠳᠪᠦᠷᠢ ᠬᠤᠳᠠᠯᠳᠤᠭᠠᠨ ᠤ ᠪᠦᠷᠢᠳᠬᠡᠬᠦ  ᠳᠤ ᠰᠠᠭᠠᠳ ᠦᠭᠡᠢ ᠨᠡᠪᠲᠡᠷᠡᠬᠦ ᠵᠠᠮ ᠢ ᠬᠠᠩᠭᠠᠨ᠎ᠠ᠃        ︵ᠬᠤᠶᠠᠷ︶ ᠳᠡᠭᠡᠳᠦ ᠱᠠᠲᠤᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠤ ᠨᠡᠶᠢᠴᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠳᠤ ᠬᠠᠪᠰᠤᠷᠤᠨ ᠭᠦᠢᠴᠡᠳᠬᠡᠬᠦ᠂ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠪᠥᠬᠦ ᠬᠦᠴᠦᠨ ᠢᠶᠠᠷ ᠢᠶᠠᠨ ᠴᠢᠷᠮᠠᠶᠢᠨ  ᠤᠯᠤᠨ᠎ᠠ᠃ ᠲᠣᠰ ᠠᠷᠭ᠎ᠠ ᠬᠡᠮᠵᠢᠶ᠎ᠡ ᠶᠢ ᠨᠡᠶᠢᠲᠡᠯᠡᠬᠦ ᠠᠴᠠ ᠡᠮᠦᠨ᠎ᠡ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠯᠭᠡᠨ ᠣᠷᠣᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠡᠯ᠎ᠡ ᠵᠦᠢᠯ ᠤᠨ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠠᠰ ᠠᠰ ᠢᠶᠠᠷ ᠨᠢ ᠵᠥᠪᠯᠡᠬᠦ︾ ᠵᠠᠷᠴᠢᠮ ᠶᠣᠰᠣᠭᠠᠷ ᠵᠣᠬᠢᠬᠤ ᠳᠡᠮᠵᠢᠯᠭᠡ ᠦᠵᠡᠭᠦᠯᠦᠨ᠎ᠡ᠃        ︵ᠭᠤᠷᠪᠠ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠥᠪᠡᠷ ᠢᠶᠠᠨ ᠠᠯᠪᠠᠨ ᠬᠡᠷᠡᠭᠯᠡᠭᠡᠨ ᠤ ᠭᠡᠷ ᠪᠠᠶᠢᠰᠢᠩ ᠪᠠᠷᠢᠭᠰᠠᠨ ᠪᠠᠶᠢᠪᠠᠯ᠂ ︽ᠠᠰ ᠠᠰ ᠢᠶᠠᠷ ᠨᠢ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ︔ ᠬᠢᠶ᠎ᠠ ᠪᠠᠭᠰᠢ ᠲᠣᠭᠤᠷᠢᠭ ᠤᠨ ᠲᠥᠯᠦᠪᠵᠢᠭᠦᠯᠭᠡ ᠶᠢᠨ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠤᠳᠠᠯᠳᠤᠨ ᠠᠪᠴᠤ ᠥᠪᠡᠷ ᠢᠶᠠᠨ ᠬᠡᠷᠡᠭᠯᠡᠬᠦ ᠠᠯᠪᠠᠨ ᠬᠡᠷᠡᠭᠯᠡᠭᠡᠨ ᠤ ᠭᠡᠷ ᠪᠠᠶᠢᠰᠢᠩ ᠪᠤᠯᠭᠠᠪᠠᠯ᠂  ᠨᠢᠭᠡ ᠳᠡᠭᠰᠢ ᠲᠦᠷᠪᠡᠯᠵᠢᠨ ᠮᠧᠲᠷ ᠪᠦᠷᠢ ᠳᠤ 1000 ᠲᠥᠭᠦᠷᠢᠭ ᠤᠨ ᠨᠥᠬᠦᠪᠦᠷᠢ ᠮᠥᠩᠭᠦ ᠥᠭᠴᠦ᠂ ᠶᠡᠷᠦᠩᠬᠡᠢ ᠲᠤᠭ᠎ᠠ ᠶᠢ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︔ ᠠᠯᠪᠠᠨ ᠭᠡᠷ ᠲᠦᠷᠢᠶᠡᠰᠦᠯᠡᠬᠦ ᠳᠤ 300 ᠳᠡᠭᠰᠢ ᠲᠦᠷᠪᠡᠯᠵᠢᠨ ᠮᠧᠲᠷ ᠠᠴᠠ ᠳᠣᠷᠣᠭᠰᠢ ︵300 ᠳᠡᠭᠰᠢ ᠲᠦᠷᠪᠡᠯᠵᠢᠨ ᠮᠧᠲᠷ ᠠᠴᠠ ᠬᠡᠲᠦᠷᠡᠭᠰᠡᠨ ᠬᠡᠰᠡᠭ ᠢ ᠠᠵᠤ ᠠᠬᠤᠶᠢᠯᠠᠯ ᠥᠪᠡᠷ ᠢᠶᠠᠨ ᠡᠭᠦᠷᠭᠡᠯᠡᠨ᠎ᠡ︶ ᠪᠣᠯ ᠵᠢᠯ ᠤᠨ ᠲᠦᠷᠢᠶᠡᠰᠦᠨ ᠮᠥᠩᠭᠦ ᠪᠠᠷ ᠡᠮᠦᠨ᠎ᠡ 3 ᠵᠢᠯ ᠤᠨ 50% ᠶᠢᠨ ᠲᠦᠷᠢᠶᠡᠰᠦᠯᠡᠬᠦ ᠨᠥᠬᠦᠪᠦᠷᠢ ᠥᠭᠴᠦ᠂ ᠡᠷᠦᠬᠡ ᠪᠦᠷᠢ ᠳᠤ ᠨᠡᠶᠢᠲᠡ 30 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ︵ᠲᠦᠷᠪᠡ︶ ᠰᠢᠨ᠎ᠡ ᠪᠠᠷ ᠪᠠᠶᠢᠭᠤᠯᠤᠭᠰᠠᠨ ᠪᠤᠶᠤ ᠨᠡᠭᠦᠵᠦ ᠣᠷᠣᠭᠰᠠᠨ ᠬᠠᠮᠢᠶ᠎ᠠ ᠪᠦᠬᠦᠢ ᠬᠢᠷᠢ  ᠬᠡᠮ ᠣᠯᠣᠭᠰᠠᠨ ᠢᠲᠡᠭᠡᠮᠵᠢ ᠶᠢᠨ ᠺᠣᠮᠫᠠᠨᠢ᠂ ᠬᠥᠷᠥᠩᠭᠡ ᠢᠲᠡᠭᠡᠮᠵᠢ ︵ᠲᠠᠰ ᠲᠣᠭᠲᠠᠭᠠᠬᠤ︶  ᠶᠢᠨ ᠺᠣᠮᠫᠠᠨᠢ᠂ ᠡᠳ᠋ ᠬᠥᠷᠥᠩᠭᠡ ᠶᠢ ᠦᠨᠡᠯᠡᠨ ᠵᠢᠱᠢᠬᠦ ᠺᠣᠮᠫᠠᠨᠢ᠂ ᠡᠳ᠋ ᠤᠨ ᠶᠠᠪᠤᠳᠠᠯ ᠤᠨ ᠬᠢᠨᠠᠨ ᠪᠤᠳᠤᠬᠤ ᠺᠣᠮᠫᠠᠨᠢ ︵ᠭᠠᠵᠠᠷ ︶᠂ ᠬᠠᠤᠯᠢᠴᠢ ᠶᠢᠨ ᠠᠵᠢᠯ ᠤᠨ ᠭᠠᠵᠠᠷ᠂ ᠠᠯᠪᠠᠨ ᠭᠡᠷᠡᠴᠢᠯᠡᠭᠡᠨ ᠤ ᠭᠠᠵᠠᠷ ᠵᠡᠷᠭᠡ ᠮᠥᠩᠭᠦᠨ ᠭᠦᠢᠯᠭᠡᠭᠡᠨ ᠤ ᠬᠠᠮᠢᠶ᠎ᠠ ᠪᠦᠬᠦᠢ ᠲᠥᠬᠦᠷ ᠦᠢᠯᠡᠴᠢᠯᠡᠭᠡᠨ ᠤ ᠪᠠᠶᠢᠭᠤᠯᠤᠮᠵᠢ ᠳᠤ ᠪᠣᠳᠠᠲᠠᠢ ᠲᠤᠰᠢᠶᠠᠭᠰᠠᠨ ᠬᠥᠷᠥᠩᠭᠡ ᠶᠢᠨ 2% ᠢᠶᠠᠷ ᠨᠤᠳᠤᠭᠯᠠᠭᠰᠠᠨ ᠱᠠᠩᠨᠠᠵᠤ᠂ ᠨᠢᠭᠡ ᠪᠠᠶᠢᠭᠤᠯᠤᠮᠵᠢ ᠳᠤ ᠥᠭᠬᠦ ᠲᠣᠰ ᠱᠠᠩᠨᠠᠯ ᠢ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃        ︵ᠲᠠᠪᠤ︶ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠵᠦ᠂ ᠳᠠᠩᠰᠠᠯᠠᠭᠤᠯᠬᠤ ᠪᠤᠶᠤ ᠨᠠᠶᠢᠳᠠᠵᠤ᠂ ᠬᠢᠶ᠎ᠠ ᠪᠠᠭᠰᠢ ᠲᠣᠭᠤᠷᠢᠭ ᠲᠤ ᠰᠡᠳᠦᠪ ᠤᠨ  ᠰᠣᠳᠣᠯᠣᠯᠳᠠ᠂ ᠮᠥᠩᠭᠦᠨ ᠭᠦᠢᠯᠭᠡᠭᠡᠨ ᠤ ᠦᠭᠦᠯᠡᠯ ᠤᠨ ᠲᠠᠪᠴᠠᠩ᠂ ᠡᠯ᠎ᠡ ᠲᠥᠷᠥᠯ ᠤᠨ ᠴᠤᠭᠯᠠᠭᠠᠨ᠂ ᠲᠥᠷᠥ ᠶᠢᠨ ᠪᠣᠳᠣᠯᠭ᠎ᠠ ᠨᠡᠶᠢᠲᠡᠯᠡᠬᠦ ᠬᠤᠷᠠᠯ᠂ ᠪᠡᠯᠡ ᠤᠷᠤᠭᠤᠯᠬᠤ ᠶᠢ ᠵᠠᠯᠭᠠᠯᠳᠣᠭᠤᠯᠬᠤ ᠬᠤᠷᠠᠯ ᠵᠢᠴᠢ ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠨ ᠪᠣᠶᠢᠵᠢᠭᠤᠯᠬᠤ ᠵᠡᠷᠭᠡ ᠮᠥᠩᠭᠦᠨ ᠭᠦᠢᠯᠭᠡᠭᠡᠨ ᠤ ᠲᠤᠰᠬᠠᠢ ᠮᠡᠷᠭᠡᠵᠢᠯ ᠤᠨ ᠬᠤᠷᠠᠯ ᠤᠨ ᠠᠵᠢᠯᠯᠠᠭ᠎ᠠ ᠥᠷᠨᠢᠭᠦᠯᠦᠭᠰᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠥᠬᠦᠴᠡᠯ ᠳᠤ ᠨᠡᠶᠢᠴᠡᠨ᠎ᠡ ᠭᠡᠵᠦ ᠮᠠᠭᠠᠳᠯᠠᠨ ᠲᠣᠭᠲᠠᠭᠠᠭᠰᠠᠨ ᠪᠠᠶᠢᠪᠠᠯ᠂ ᠪᠣᠳᠠᠲᠠᠢ  ᠠᠵᠢᠯᠯᠠᠭᠠᠨ ᠤ ᠵᠠᠷᠤᠳᠠᠯ ︵ᠵᠠᠰᠠᠭ ᠤᠨ ᠣᠷᠳᠣᠨ ᠤ ᠳᠡᠮᠵᠢᠯᠭᠡ ᠶᠢᠨ ᠵᠠᠷᠤᠳᠠᠯ  ᠠᠴᠠ ᠪᠤᠰᠤᠳ︶ ᠤᠨ 50% ᠪᠠᠷ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠲᠠᠯ᠎ᠠ ᠳᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠥᠭᠴᠦ᠂ ᠬᠠᠮᠤᠭ ᠤᠨ ᠥᠨᠳᠥᠷ ᠨᠥᠬᠦᠪᠦᠷᠢ ᠶᠢ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠲᠠᠰ᠂ ᠬᠤᠰᠢᠭᠤ ᠲᠣᠭᠤᠷᠢᠭ ᠤᠨ ᠲᠠᠰ ᠢᠶᠠᠷ ᠲᠥᠷᠥᠯ ᠬᠤᠪᠢᠶᠠᠵᠤ᠂ ᠲᠣᠰ ᠲᠣᠰ 50 ᠲᠦᠮᠡᠨ ᠲᠥᠭᠦᠷᠢᠭ᠂ 30 ᠲᠦᠮᠡᠨ ᠲᠥᠭᠦᠷᠢᠭ᠂ 10 ᠲᠦᠮᠡᠨ ᠲᠥᠭᠦᠷᠢᠭ᠂ 5 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃         ᠠᠷᠪᠠᠳᠤᠭᠠᠷ ᠵᠦᠢᠯ     ᠳᠠᠭᠠᠯᠳᠤᠭᠤᠯᠤᠯ ᠳᠦᠷᠢᠮ         ︵ᠨᠢᠭᠡ︶ ᠲᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠵᠢᠭᠠᠵᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠴᠥᠮ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ ᠪᠠᠶᠢᠭᠤᠯᠤᠭᠰᠠᠨ ᠪᠤᠶᠤ ᠵᠥᠪᠰᠢᠶᠡᠷᠡᠭᠦᠯᠦᠨ ᠳᠠᠩᠰᠠᠯᠠᠭᠤᠯᠤᠭᠰᠠᠨ ᠬᠡᠪ ᠤᠨ ᠲᠣᠭᠲᠠᠭᠠᠯ ᠳᠤ ᠨᠡᠶᠢᠴᠡᠭᠦᠯᠦᠨ ᠡᠵᠡᠩᠨᠡᠭᠰᠡᠨ ᠬᠢᠶ᠎ᠠ ᠪᠠᠭᠰᠢ ᠲᠣᠭᠤᠷᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠡᠭᠦᠨ ᠳᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ᠂ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠪᠠᠭᠲᠠᠨ᠎ᠠ᠃         ᠲᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠵᠢᠭᠠᠵᠤ ᠪᠠᠶᠢᠭ᠎ᠠ ᠮᠥᠩᠭᠦᠨ ᠭᠦᠢᠯᠭᠡᠭᠡᠨ ᠤ ᠬᠤᠯᠪᠣᠭᠳᠠᠯ ᠪᠥᠬᠦᠶ ᠨᠢᠭᠡᠴᠢ ᠭᠡᠳᠡᠭ ᠨᠢ ᠺᠣᠮᠫᠠᠨᠢ ᠶᠢᠨ ᠲᠦᠷᠢᠮ ᠪᠤᠶᠤ ᠬᠤᠷᠰᠢᠭᠰᠠᠨ ᠲᠦᠷᠢᠮ ᠤᠨ ᠰᠠᠭᠤᠷᠢ ᠮᠥᠩᠭᠦ᠂ ᠠᠵᠢᠯᠲᠠᠨ ᠤ ᠬᠤᠪᠢ ᠡᠵᠡᠮᠳᠡᠬᠦ ᠲᠠᠪᠴᠠᠩ᠂ ᠪᠠᠯᠠ ᠣᠷᠣᠭᠤᠯᠤᠯᠲᠠ ᠶᠢᠨ ᠺᠣᠮᠫᠠᠨᠢ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ︽ᠰᠢᠨ᠎ᠡ ᠭᠤᠷᠪᠠᠨ ᠲᠠᠯᠠᠪᠤᠷ︾ ᠲᠤ ᠫᠠᠶᠢᠰᠠ ᠡᠯᠭᠦᠭᠰᠡᠨ ᠺᠣᠮᠫᠠᠨᠢ ᠂ ᠬᠢᠯᠢ ᠶᠢᠨ ᠳᠣᠲᠣᠷ᠎ᠠ ᠭᠠᠳᠠᠨᠠᠬᠢ ᠭᠤᠤᠯ ᠠᠷᠠᠯᠵᠢᠶᠠᠨ ᠤ ᠭᠠᠵᠠᠷ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ᠂ ᠡᠳ᠋ ᠤᠨ ᠶᠠᠪᠤᠳᠠᠯ ᠤᠨ ᠬᠠᠤᠯᠢ ᠴᠠᠭᠠᠵᠠ ᠶᠢᠨ ᠶᠠᠪᠤᠳᠠᠯ ᠤᠨ ᠢᠲᠡᠭᠡᠮᠵᠢ ᠵᠡᠷᠭᠡ ᠮᠥᠩᠭᠦᠨ ᠭᠦᠢᠯᠭᠡᠭᠡᠨ ᠤ ᠢᠵᠢ ᠪᠥᠷᠢᠳᠦᠭᠦᠯᠬᠦ ᠦᠢᠯᠡᠴᠢᠯᠡᠭᠡᠨ ᠤ ᠪᠠᠶᠢᠭᠤᠯᠤᠮᠵᠢ ᠵᠢᠴᠢ ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠦᠢᠯᠡᠴᠢᠯᠡᠭᠡᠨ ᠤ ᠲᠥᠪ ᠂ ᠰᠠᠭᠤᠷᠢᠨ ᠭᠠᠵᠠᠷ ᠤᠨ ᠡᠵᠡᠩᠨᠡᠯᠲᠡ ᠶᠢᠨ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠬᠤᠯᠪᠣᠭᠳᠠᠯ ᠪᠥᠬᠦᠶ ᠠᠵᠤ ᠠᠬᠤᠶᠢᠯᠠᠯ ᠪᠤᠶᠤ ᠵᠣᠬᠢᠶᠠᠨ ᠪᠠᠶᠢᠭᠤᠯᠤᠯᠲᠠ ᠶᠢ ᠵᠢᠭᠠᠵᠤ ᠪᠣᠶ᠃         ᠲᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠵᠢᠭᠠᠵᠤ ᠪᠠᠶᠢᠭ᠎ᠠ ᠪᠡᠯᠡ ᠮᠥᠩᠭᠦ ᠶᠢᠨ ᠲᠥᠷᠥᠯ ᠨᠢ ᠴᠥᠮ ᠠᠷᠠᠳ ᠤᠨ ᠵᠣᠭᠤᠰ ᠢ ᠵᠢᠭᠠᠵᠦ ᠪᠣᠢ᠃        ︵ᠬᠤᠶᠠᠷ︶ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠡᠷᠦᠬᠡ ᠠᠮᠠ ᠣᠷᠣᠬᠤ ᠱᠠᠩᠨᠠᠯ ᠢ ᠬᠦᠷᠳᠡᠬᠦ ᠰᠠᠨᠠᠭ᠎ᠠ ᠦᠭᠡᠢ ᠪᠣᠯ᠂ ︽ᠨᠢᠭᠡ ᠶᠠᠪᠤᠳᠠᠯ ᠢ ᠨᠢᠭᠡ ᠵᠥᠪᠯᠡᠬᠦ︾ ᠠᠷᠭ᠎ᠠ ᠮᠠᠶ᠋ᠢᠭ ᠢ ᠠᠪᠴᠤ ᠪᠠᠶᠢᠭᠠᠳ ᠪᠤᠰᠤᠳ ᠵᠦᠢᠯᠡᠰ ᠢ ᠪᠣᠯᠵᠣᠨ ᠲᠣᠭᠲᠠᠵᠤ ᠪᠣᠯᠤᠨ᠎ᠠ᠃ ᠲᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠡᠷᠦᠬᠡ ᠠᠮᠠ ᠣᠷᠣᠭᠤᠯᠤᠭᠰᠠᠨ ᠱᠠᠩᠨᠠᠯ ᠢ ᠵᠢᠯ ᠪᠦᠷᠢ 20% ᠪᠠᠷ ᠣᠯᠭᠤᠵᠣ᠂ ᠪᠤᠰᠤᠳ  ᠱᠠᠩᠨᠠᠨ ᠬᠥᠬᠢᠭᠦᠯᠬᠦ ᠪᠠ ᠨᠥᠬᠦᠪᠦᠷᠢᠯᠡᠵᠦ ᠵᠦᠢᠯᠡᠰ ᠢ ᠨᠥᠬᠦᠴᠡᠯ ᠢ ᠬᠠᠩᠭᠠᠭᠰᠠᠨ ᠤ ᠳᠠᠷᠠᠭ᠎ᠠ ᠵᠢᠯ ᠳᠤᠨᠢ ᠨᠢᠭᠡ ᠯᠡ ᠤᠳᠠᠭ᠎ᠠ ᠳᠤ ᠣᠯᠭᠤᠵᠣ ᠦᠭᠬᠦᠨ᠎ᠡ᠃ ᠱᠠᠩᠨᠠᠵᠤ ᠨᠥᠬᠦᠪᠦᠷᠢᠯᠡᠬᠦ ᠵᠣᠭᠤᠰᠣᠨ ᠲᠤᠭ᠎ᠠ ᠨᠢ ᠴᠥᠮ ᠭᠠᠶᠢᠯᠢ ᠲᠤᠰᠢᠶᠠᠬᠤ ᠠᠴᠠ ᠡᠮᠦᠨᠡᠬᠢ ᠵᠣᠭᠤᠰ ᠤᠨ ᠲᠤᠭ᠎ᠠ ᠶᠢ ᠵᠢᠭᠠᠨ᠎ᠠ᠃ ᠱᠠᠩᠨᠠᠯ ᠤᠨ ᠮᠦᠩᠭᠦ ᠶᠢ ᠱᠠᠩᠨᠠᠵᠤ ᠪᠠᠷᠠᠬᠤ ᠠᠴᠠ ᠡᠮᠦᠨ᠎ᠡ ᠱᠠᠩᠨᠠᠬᠤ ᠨᠥᠬᠦᠴᠡᠯ ᠳᠤ ᠨᠢᠭᠡᠨᠲᠡ ᠨᠡᠶᠢᠴᠡᠬᠦ ᠦᠭᠡᠢ ᠪᠣᠯᠣᠭᠰᠠᠨ ᠠᠵᠤ ᠠᠬᠤᠶᠢᠯᠠᠯ ᠪᠤᠶᠤ ᠬᠤᠪᠢ ᠬᠥᠮᠦᠨ ᠳᠤ ᠳᠠᠬᠢᠵᠤ ᠱᠠᠩᠨᠠᠵᠤ ᠲᠤᠰᠠᠯᠠᠬᠤ ᠦᠭᠡᠶ ᠪᠣᠯᠣᠨ᠎ᠠ᠃        ︵ᠭᠤᠷᠪᠠ︶ ᠲᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠠᠪᠤᠴᠠ ᠳᠤ᠂ ᠬᠢᠶ᠎ᠠ ᠪᠠᠭᠰᠢ ᠲᠣᠭᠤᠷᠢᠭ ᠤᠨ ᠠᠳᠠᠯᠢ ᠲᠥᠷᠥᠯ ᠤᠨ ᠪᠤᠰᠤᠳ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠨᠡᠶᠢᠴᠡᠪᠡᠯ᠂ ᠥᠨᠳᠥᠷ ᠢ ᠨᠢ ᠱᠠᠩᠨᠠᠵᠦ ᠲᠠᠪᠬᠤᠷᠯᠠᠨ ᠱᠠᠩᠨᠠᠬᠤ ᠥᠬᠡᠶ ᠵᠠᠷᠴᠢᠮ ᠢ ᠬᠡᠷᠡᠭᠵᠢᠭᠦᠯᠦᠨ᠎ᠡ᠃ ᠬᠡᠷᠪᠡ ᠤᠯᠤᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠ ᠣᠷᠳᠣᠰ ᠬᠤᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠲᠠᠢ ᠨᠢᠭᠡᠳᠦᠮᠡᠯ ᠦᠭᠡᠢ ᠪᠣᠯ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠵᠦ᠂ ᠨᠥᠬᠦᠪᠥᠷᠢ ᠲᠣᠭᠲᠠᠭᠠᠯ ᠪᠠᠶᠢᠪᠠᠯ ᠨᠥᠬᠦᠪᠥᠷᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃        ︵ᠲᠦᠷᠪᠡ︶ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠴᠥᠮ ᠬᠠᠤᠯᠢ ᠪᠠ ᠲᠣᠭᠲᠠᠭᠠᠯ ᠳᠤ ᠨᠡᠶᠢᠴᠡᠵᠦ ᠡᠵᠡᠩᠨᠡᠬᠦ ᠬᠡᠷᠡᠭᠲᠡᠶ᠃ ᠲᠤᠰ ᠲᠥᠷᠥ ᠶᠢᠨ ᠪᠣᠳᠣᠯᠭ᠎ᠠ ᠶᠢᠨ ᠠᠷᠭ᠎ᠠ  ᠬᠡᠮᠵᠢᠶᠡᠨ ᠤ ᠬᠦᠴᠦᠨ ᠲᠠᠢ ᠬᠤᠭᠤᠴᠠᠭᠠᠨ ᠳᠤ᠂ ᠬᠡᠷᠪᠡ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠨᠢ ᠬᠠᠤᠯᠢ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠠᠴᠠ ᠪᠣᠯᠵᠤ ᠵᠠᠰᠠᠭ ᠵᠠᠬᠢᠷᠭᠠᠨ ᠤ ᠰᠢᠳᠬᠡᠯ ᠣᠯᠤᠭᠰᠠᠨ ᠪᠤᠶᠤ ᠡᠷᠡᠭᠦᠦ ᠶᠢᠨ ᠬᠡᠷᠡᠭ ᠢ ᠬᠡᠷᠡᠭ ᠪᠣᠯᠭᠠᠨ ᠳᠠᠩᠰᠠᠯᠠᠭᠰᠠᠨ ᠪᠠᠶᠢᠪᠠᠯ᠂ ᠲᠡᠭᠦᠨ ᠤ ᠨᠢᠭᠡᠨᠲᠡ ᠬᠦᠷᠲᠡᠭᠰᠡᠨ ᠱᠠᠩᠨᠠᠯ ᠪᠠ ᠨᠥᠬᠦᠪᠥᠷᠢ ᠶᠢ ᠨᠢ ᠪᠣᠴᠠᠭᠠᠵᠤ ᠠᠪᠣᠨ᠎ᠠ᠃        ︵ᠲᠠᠪᠤ︶ ᠱᠠᠩᠨᠠᠯ ᠪᠠ ᠨᠥᠬᠦᠪᠥᠷᠢ ᠠᠪᠬᠤ ᠪᠠᠷ ᠭᠤᠶᠤᠴᠢᠯᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ ᠪᠠ ᠬᠤᠪᠢ ᠬᠥᠮᠦᠨ᠂ ᠭᠤᠶᠤᠴᠢᠯᠠᠯ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ ᠬᠠᠷᠢᠭᠤᠴᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠱᠠᠩᠨᠠᠯ ᠪᠠ ᠨᠥᠬᠦᠪᠥᠷᠢ ᠶᠢ ᠮᠡᠬᠡᠯᠡᠨ ᠠᠪᠤᠭᠰᠠᠨ ᠪᠠᠶᠢᠪᠠᠯ᠂ ᠬᠠᠤᠯᠢ ᠶᠣᠰᠣᠭᠠᠷ ᠨᠡᠬᠡᠮᠵᠢᠯᠡᠨ ᠲᠤᠰᠢᠶᠠᠯᠭᠠᠬᠤ ᠶᠢᠨ ᠬᠠᠮᠲᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃        ︵ᠵᠢᠷᠭᠤᠭ᠎ᠠ︶ ᠬᠢᠶ᠎ᠠ ᠪᠠᠭᠰᠢ ᠲᠣᠭᠤᠷᠢᠭ ᠤᠨ ᠨᠢᠭᠡᠨᠲᠡ ᠨᠡᠶᠢᠲᠡᠯᠡᠭᠰᠡᠨ ︽ᠮᠥᠩᠭᠦᠨ ᠭᠦᠢᠯᠭᠡᠭᠡᠨ ᠤ ᠵᠢᠷᠭᠤᠭᠠᠨ ᠵᠤᠷᠪᠤᠰ︾ ᠨᠢ ᠲᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠯᠦᠭᠡ ᠨᠢᠭᠡᠳᠦᠯ ᠥᠬᠡᠶ ᠪᠠᠶᠢᠪᠠᠯ᠂ ᠲᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠣᠰᠣᠭᠠᠷ ᠬᠡᠷᠡᠭᠵᠢᠭᠦᠯᠦᠨ᠎ᠡ᠃        ︵ᠳᠤᠯᠤᠭ᠎ᠠ︶ ᠲᠣᠰ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ 5 ᠵᠢᠯ ᠤᠨ ᠬᠦᠴᠦᠨ ᠲᠠᠢ ᠬᠤᠭᠤᠴᠠᠭ᠎ᠠ ᠲᠠᠢ᠃ ᠲᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠮᠥᠩᠭᠦᠨ ᠭᠦᠢᠯᠭᠡᠭᠡᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠲᠠᠶᠢᠯᠪᠤᠷᠢᠯᠠᠬᠤ ᠶᠢᠨ ᠬᠠᠮᠲᠤ ᠮᠡᠳᠡᠭᠦᠯᠬᠦ ᠵᠦᠭᠯᠡᠭᠦᠷ ᠢ ᠲᠣᠭᠲᠠᠭᠠᠵᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ 
ᠢᠷᠡᠯᠲᠡ᠄ ᠲᠣᠰ ᠰᠥᠯᠵᠢᠶ᠎ᠡ