ᠮᠠᠨ ᠤ ᠬᠤᠲᠠ ᠰᠤᠷᠭᠠᠨ ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ 6000 ᠲᠦᠮᠡᠨ ᠲᠥᠭᠦᠷᠢᠭ ᠤᠨ ᠪᠡᠯᠡ ᠮᠥᠩᠭᠦ ᠶᠢ ᠬᠤᠪᠢᠳᠠᠨ ᠣᠯᠪᠠ
ᠨᠡᠶᠢᠲᠡᠯᠡᠭᠰᠡᠨ ᠴᠠᠭ᠄
2024/8/12
        ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠮᠠᠨ ᠤ ᠬᠤᠲᠠ ᠶᠢᠨ ᠰᠤᠷᠭᠠᠨ ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠪ ᠤᠨ ᠲᠥᠰᠥᠪ ᠤᠨ ᠪᠡᠯᠡ ᠣᠷᠣᠭᠤᠯᠤᠯᠲᠠ ᠶᠢᠨ ᠲᠤᠰᠬᠠᠢ ᠲᠥᠯᠥᠪᠯᠡᠭᠡ ᠶᠢ ᠤᠯᠠᠮᠵᠢᠯᠠᠨ ᠲᠠᠷᠬᠠᠭᠠᠪᠠ᠃ ᠮᠠᠨ ᠤ ᠬᠤᠲᠠ ᠲᠥᠪ ᠤᠨ ᠲᠥᠰᠥᠪ ᠤᠨ ᠳᠣᠲᠣᠷᠠᠬᠢ 6000 ᠲᠦᠮᠡᠨ ᠲᠥᠭᠦᠷᠢᠭ ᠤᠨ ᠪᠡᠯᠡ ᠮᠥᠩᠭᠦ ᠶᠢ ᠬᠤᠪᠢᠳᠠᠨ ᠣᠯᠵᠤ᠂ ᠣᠲᠤᠭ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ︵ᠥᠨᠳᠥᠷ ᠳᠤᠮᠳᠠᠳᠤ ᠶᠢᠨ︶ ᠵᠢᠴᠢ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠳᠠᠳᠤᠯᠭ᠎ᠠ ᠪᠣᠯᠪᠠᠰᠤᠷᠠᠯ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠡᠮᠵᠢᠬᠦ ᠳᠤ ᠬᠡᠷᠡᠭᠯᠡᠨ᠎ᠡ᠃        ᠲᠥᠷᠥᠯ ᠵᠦᠢᠯ ᠢ ᠬᠡᠷᠡᠭᠵᠢᠭᠦᠯᠬᠦ ᠳᠤ ᠨᠢᠭᠡ ᠲᠠᠯ᠎ᠠ ᠪᠠᠷ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠰᠠᠭᠤᠷᠢ ᠪᠠᠭᠤᠷᠠᠢ ᠬᠤᠰᠢᠭᠤᠨ ᠤ ᠡ᠊ᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠬᠢᠷᠢ ᠲᠦᠪᠰᠢᠨ ᠢ ᠲᠡᠭᠡᠭᠰᠢᠯᠡᠭᠦᠯᠭᠦ ᠶᠢ ᠠᠬᠢᠭᠤᠯᠤᠨ᠎ᠠ᠃ ᠨᠦᠭᠦᠭᠡ ᠲᠠᠯ᠎ᠠ ᠪᠠᠷ ᠮᠠᠨ ᠤ ᠬᠤᠲᠠ ᠶᠢᠨ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠭᠦᠨᠵᠡᠭᠡᠢ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ ᠭᠦᠨᠵᠡᠭᠡᠢ ᠬᠠᠮᠲᠤᠷᠠᠯᠴᠠᠭ᠎ᠠ ᠶᠢ ᠬᠦᠴᠦᠲᠡᠢ ᠠᠬᠢᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠬᠠᠨᠳᠤᠭᠤᠯᠤᠨ ᠴᠢᠳᠠᠪᠤᠷᠢᠲᠠᠨ ᠬᠥᠮᠥᠵᠢᠭᠦᠯᠬᠦ ᠵᠠᠭᠪᠤᠷ ᠢ ᠬᠤᠪᠢᠷᠠᠭᠤᠯᠬᠤ ᠶᠢ ᠠᠬᠢᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠶᠢ ᠠᠬᠢᠭᠤᠯᠬᠤ ᠪᠣᠯᠣᠨ᠎ᠠ᠃       ᠳᠠᠷᠠᠭᠠᠴᠢ ᠶᠢᠨ ᠠᠯᠬᠤᠮ ᠳᠤ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠰᠠᠯᠠᠭ᠎ᠠ ᠮᠥᠴᠢᠷ ᠤᠨ ᠦᠢᠯᠡᠳᠦᠯ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠬᠦ ᠪᠠ ᠲᠥᠷᠥᠯ ᠵᠦᠢᠯ ᠢ ᠬᠡᠷᠡᠭᠵᠢᠭᠦᠯᠬᠦ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠮᠠᠨ ᠤ ᠬᠤᠲᠠ ᠶᠢᠨ ᠪᠣᠳᠠᠲᠠᠢ ᠪᠣᠯᠪᠠᠰᠤᠷᠠᠯ ᠤᠨ ᠬᠢᠷᠢ ᠲᠦᠪᠰᠢᠨ ᠪᠠ ᠴᠢᠳᠠᠪᠤᠷᠢᠲᠠᠨ ᠬᠥᠮᠥᠵᠢᠭᠦᠯᠬᠦ ᠴᠢᠨᠠᠷᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠬᠤᠲᠠ ᠶᠢᠨ ᠰᠤᠷᠭᠠᠨ ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠪᠦᠭᠦ ᠲᠠᠯ᠎ᠠ ᠪᠠᠷ ᠲᠡᠭᠡᠭᠰᠢᠯᠡᠭᠦᠯᠭᠦ ᠪᠣᠯᠣᠨ᠎ᠠ᠃                
ᠢᠷᠡᠯᠲᠡ᠄ ᠳᠣᠯᠠᠭᠠᠨ ᠮᠡᠳᠡᠭᠡ