ᠬᠡᠦᠬᠡᠳ ᠤᠨ ᠪᠡᠶ᠎ᠡ ᠪᠠᠨ ᠲᠠᠭᠠᠭᠠᠬᠤ ᠴᠢᠳᠠᠪᠤᠷᠢ ᠶᠢᠨ ᠬᠦᠮᠦᠵᠢᠯ ᠢ ᠴᠢᠬᠤᠯᠠᠴᠢᠯᠠᠶ᠎ᠠ
ᠨᠡᠶᠢᠲᠡᠯᠡᠭᠰᠡᠨ ᠴᠠᠭ᠄
2024/8/23
       ᠪᠡᠶ᠎ᠡ ᠪᠠᠨ ᠲᠠᠭᠠᠭᠠᠬᠤ ᠴᠢᠳᠠᠪᠤᠷᠢ ᠪᠠᠷ ᠴᠢᠩᠭ᠎ᠠ᠂ ᠪᠡᠶ᠎ᠡ ᠳᠡᠭᠡᠨ ᠢᠲᠡᠭᠡᠯ ᠲᠠᠢ ᠬᠡᠤᠬᠡᠳ ᠶᠡᠷᠦ ᠨᠢ ᠪᠠᠶᠠᠰᠤᠩᠭᠤᠢ ᠤᠪᠤᠷ ᠲᠠᠢ᠂ ᠲᠠᠪᠰᠢᠩᠭᠤᠢ ᠬᠦᠰᠡᠯ ᠲᠠᠢ᠂ ᠰᠢᠨ᠎ᠡ ᠬᠡᠷᠡᠭ ᠪᠤᠳᠠᠰ ᠢ ᠢᠳᠡᠪᠬᠢᠲᠠᠢ ᠬᠦᠯᠢᠶᠡᠨ ᠠᠪᠴᠤ᠂ ᠦᠷᠢᠰᠦᠯᠳᠦᠭᠡᠨ ᠳᠤ ᠵᠤᠷᠢᠭᠲᠠᠢ ᠬᠠᠨᠳᠤᠵᠤ ᠦᠪᠡᠷ ᠢ ᠪᠠᠨ ᠢᠯᠠᠨ ᠳᠠᠪᠠᠵᠤ ᠴᠢᠳᠠᠳᠠᠭ᠃ ᠡᠭᠦᠨ ᠤ ᠡᠰᠡᠷᠬᠦ ᠪᠠᠷ ᠪᠡᠶ᠎ᠡ ᠪᠠᠨ ᠲᠠᠭᠠᠭᠠᠬᠤ ᠴᠢᠳᠠᠪᠤᠷᠢ ᠪᠠᠷ ᠠᠨᠠᠢ ᠬᠡᠤᠬᠡᠳ ᠤᠬᠤᠷᠢᠬᠤ᠂ ᠠᠶᠤᠵᠤ ᠡᠮᠢᠶᠡᠬᠦ᠂ ᠪᠤᠰᠤᠳ ᠲᠤ ᠨᠠᠶᠢᠳᠠᠬᠤ ᠳᠤᠷᠠᠲᠠᠢ ᠪᠠᠶᠢᠵᠤ᠂ ᠤᠯᠠᠩᠬᠢ ᠤᠴᠢᠷ ᠲᠤ ᠢᠳᠡᠪᠬᠢᠲᠠᠢ ᠤᠷᠤᠯᠴᠠᠬᠤ ᠦᠭᠡᠢ ᠪᠦᠭᠡᠳ ᠬᠤᠶᠢᠰᠢ ᠰᠠᠭᠤᠳᠠᠭ᠃ ᠬᠡᠤᠬᠡᠳ ᠡᠴᠦᠰ ᠤᠨ ᠡᠴᠦᠰ ᠳᠡᠭᠡᠨ ᠪᠦᠷ ᠭᠡᠷ ᠤᠨ ᠠᠬᠠᠮᠠᠳ ᠠᠴᠠ ᠪᠠᠨ ᠰᠠᠯᠵᠤ᠂ ᠠᠪᠢᠶᠠᠰ ᠴᠢᠳᠠᠪᠤᠷᠢ ᠳᠠᠭᠠᠨ ᠲᠦᠰᠢᠭᠯᠡᠨ ᠠᠮᠢᠳᠤᠷᠠᠨ ᠤᠷᠤᠰᠢᠨ᠎ᠠ᠃ ᠡᠶᠢᠮᠦ ᠠᠴᠠ ᠬᠡᠦᠬᠡᠳ ᠤᠨ ᠪᠡᠶ᠎ᠡ ᠪᠠᠨ ᠲᠠᠭᠠᠭᠠᠬᠤ ᠴᠢᠳᠠᠪᠤᠷᠢ ᠶᠢ ᠬᠦᠮᠦᠵᠢᠬᠦᠯᠬᠦ ᠪᠤᠯ ᠬᠡᠷ ᠤᠨ ᠠᠬᠠᠮᠠᠳ ᠪᠤᠯᠭᠠᠨ ᠤ ᠡᠷᠬᠡᠪᠰᠢ ᠪᠤᠳᠤᠯᠬᠢᠯᠠᠬᠤ ᠲᠡᠷᠢᠬᠦᠨ ᠴᠢᠬᠤᠯᠠ‌ᠠᠰᠠᠭᠤᠳᠠᠯ ᠬᠡᠯᠳᠡᠢ᠃ ᠲᠡᠭᠡᠪᠡᠯ ᠬᠡᠦᠬᠡᠳ ᠤᠨ ᠪᠠᠶ᠎ᠠ ᠪᠠᠨ ᠲᠠᠭᠠᠭᠠᠬᠤ ᠴᠢᠳᠠᠪᠤᠷᠢ ᠶᠢ ᠬᠦᠮᠦᠵᠢᠬᠦᠯᠬᠦ ᠳᠤ ᠶᠠᠭᠤ ᠶᠢ ᠠᠩᠬᠠᠷᠪᠠᠯ ᠵᠤᠬᠢᠬᠤ ᠪᠤᠢ︖      ᠬᠡᠷ ᠤᠨ ᠠᠬᠠᠮᠠᠳ ᠬᠡᠦᠬᠡᠳ ᠢ ᠤᠷᠤᠯᠠᠨ ᠬᠡᠳᠦᠷᠬᠡᠢ ᠪᠠᠶᠠᠴᠢᠯᠡᠨ ᠬᠦᠢᠴᠡᠳᠬᠡᠬᠦ ᠠᠴᠠ ᠵᠠᠶᠢᠯᠠᠰᠬᠢᠪᠠᠯ ᠵᠤᠬᠢᠨ᠎ᠠ᠃ ᠬᠡᠦᠬᠡᠳ ᠤᠨ ᠰᠤᠨᠢᠭᠤᠴᠢ ᠰᠡᠳᠬᠢᠯᠬᠡ ᠴᠢᠩᠭ᠎ᠠ ᠪᠠᠶᠢᠵᠤ᠂ ᠰᠦᠪᠡᠭᠴᠢᠯᠡᠨ ᠤᠷᠤᠯᠳᠤᠬᠤ᠂ ᠬᠢᠵᠦ ᠬᠦᠢᠴᠡᠳᠬᠡᠬᠦ ᠲᠤᠷᠠᠳᠠᠢ ᠪᠠᠶᠢᠳᠠᠭ᠃ ᠬᠡᠪᠡᠴᠦ ᠬᠡᠦᠬᠡᠳ ᠤᠨ ᠪᠤᠳᠤᠯ ᠰᠡᠳᠬᠢᠴᠡ ᠪᠤᠯᠤᠨ ᠪᠡᠶ᠎ᠡ ᠴᠤᠭᠴᠠᠰ ᠤᠨ ᠤᠶᠠᠯᠳᠤᠯ ᠨᠢ ᠲᠡᠶᠢᠮᠦ ᠵᠤᠬᠢᠰᠳᠠᠢ ᠬᠡᠮᠵᠢᠶᠡᠨ ᠳᠤ ᠬᠦᠷᠦᠬᠡ ᠦᠬᠡᠢ ᠤᠴᠢᠷ ᠠᠴᠠ ᠦᠷᠬᠦᠯᠵᠢ ᠬᠡᠷ ᠦᠷᠦᠬᠡ ᠪᠠᠨ ᠡᠷᠦᠢ ᠬᠤᠷᠤᠢ ᠦᠬᠡᠢ ᠪᠤᠯᠭᠠᠬᠤ᠂ ᠦᠪᠡᠷ ᠢᠶᠠᠨ ᠤᠨᠠᠵᠤ ᠲᠤᠰᠬᠤ ᠦᠵᠡᠭᠳᠡᠯ ᠭᠠᠷᠳᠠᠭ᠃ ᠡᠶᠢᠨ ᠬᠦ ᠭᠡᠷ ᠤᠨ ᠠᠬᠠᠮᠠᠳ ᠭᠡᠷ ᠤᠨ ᠡᠮᠬᠢ ᠲᠢᠭ ᠦᠭᠡᠢ ᠪᠤᠯᠬᠤ᠂ ᠴᠡᠪᠡᠷᠯᠡᠵᠦ ᠲᠢᠭᠯᠡᠬᠦ ᠠᠴᠠ ᠬᠠᠯᠠᠰᠢᠷᠠᠬᠤ᠂ ᠡᠰᠡᠬᠦᠯ᠎ᠡ ᠬᠡᠤᠬᠡᠳ ᠤᠨ ᠭᠡᠮᠲᠦᠵᠦ ᠰᠢᠷᠬᠠᠳᠤᠬᠤ ᠠᠴᠠ ᠪᠤᠯᠭᠤᠮᠵᠢᠯᠠᠨ ᠬᠡᠤᠬᠡᠳ ᠤᠨ ᠤᠴᠢᠷ ᠲᠤ ︽ᠭᠠᠷ ᠲᠦᠷᠦᠵᠦ︾ ᠪᠤᠯᠬᠤ ᠦᠭᠡᠢ᠃ ᠭᠡᠷ ᠤᠨ ᠠᠬᠠᠮᠠᠳ ᠦᠷᠭᠦᠯᠵᠢ ᠢᠡᠭᠭᠢᠵᠦ ᠤᠷᠤᠯᠠᠨ ᠭᠦᠢᠴᠡᠳᠭᠡᠪᠡᠯ ᠬᠡᠤᠬᠡᠳ ᠤᠯᠠᠩᠬᠢ ᠤᠴᠢᠷ ᠶᠠᠪᠤᠳᠠᠯ ᠳᠤ ᠰᠡᠳᠭᠢᠨ ᠪᠤᠳᠤᠯᠬᠢᠯᠠᠬᠤ ᠦᠭᠡᠢ ᠪᠤᠯᠵᠤ᠂ ᠭᠡᠷ ᠤᠨ ᠠᠬᠠᠮᠠᠳ ᠬᠢᠵᠦ ᠦᠭᠬᠦ ᠳᠤ ᠨᠠᠶᠢᠳᠠᠬᠤ ᠪᠤᠯᠳᠠᠭ᠃ ᠡᠶᠢᠮᠦ ᠠᠴᠠ ᠭᠡᠷ ᠤᠨ ᠠᠬᠠᠮᠠᠳ ᠪᠤᠯᠤᠭᠰᠠᠳ ᠬᠡᠤᠬᠡᠳ ᠤᠨ ᠤᠴᠢᠷ ᠲᠤ ᠬᠡᠳᠦᠷᠬᠡᠢ ︽ᠭᠠᠷ ᠲᠦᠷᠦᠬᠦ︾ ᠠᠴᠠ ᠵᠠᠶᠢᠯᠠᠰᠬᠢᠬᠦ ᠬᠡᠷᠡᠭᠲᠡᠢ᠃      ᠬᠡᠤᠬᠡᠳ ᠦᠪᠡᠷ ᠤᠨ ᠤᠴᠢᠷ ᠢᠶᠠᠨ ᠦᠪᠡᠷ ᠢᠶᠠᠨ ᠪᠡᠶᠡᠯᠡᠬᠦᠯᠬᠦ ᠶᠢ ᠤᠷᠮᠠᠰᠢᠭᠤᠯᠤᠨ ᠵᠤᠷᠢᠭᠵᠢᠭᠤᠯᠪᠠᠯ ᠵᠤᠬᠢᠨ᠎ᠠ᠃ ᠬᠡᠤᠬᠡᠳ 3 ᠠᠴᠠ 5 ᠨᠠᠰᠤᠨ ᠤ ᠬᠤᠭᠤᠷᠤᠨᠳᠤ ᠡᠬᠢᠯᠡᠵᠤ ᠪᠡᠶ᠎ᠡ ᠪᠠᠨ ᠳᠠᠭᠠᠭᠠᠬᠤ ᠪᠤᠯᠳᠠᠭ᠂ ᠲᠠᠷᠤᠢ ᠭᠠᠳᠠᠨᠠᠬᠢ ᠶᠢᠷᠳᠢᠨᠴᠤ ᠶᠢᠨ ᠠᠯᠢᠪᠠ ᠰᠤᠨᠢᠨ ᠬᠠᠴᠢᠨ ᠦᠵᠡᠭᠳᠡᠯ ᠢ ᠮᠡᠳᠡᠷᠡᠳᠡᠭ᠃ ᠲᠤᠭᠳᠠᠭᠰᠠᠨ ᠴᠠᠭ ᠲᠠᠭᠠᠨ ᠪᠤᠰᠬᠤ᠂ ᠦᠪᠡᠷ ᠢᠶᠠᠨ ᠬᠤᠪᠴᠠᠰᠤ ᠬᠤᠨᠠᠷ ᠢᠶᠠᠨ ᠡᠮᠦᠰᠬᠦ᠂ ᠦᠪᠡᠷ ᠤᠨ ᠶᠠᠭᠤᠮᠠᠰ ᠢᠶᠠᠨ ᠦᠪᠡᠷ ᠢᠶᠠᠨ ᠲᠢᠭᠯᠡᠬᠦ ᠵᠡᠷᠭᠡ ᠠᠵᠢᠯ ᠢ ᠬᠢᠵᠦ ᠴᠢᠳᠠᠬᠤ ᠪᠤᠯᠤᠨ᠎ᠠ᠃ ᠡᠳᠡᠭᠡᠷ ᠤᠴᠢᠷ ᠤᠳ ᠢ ᠬᠡᠤᠬᠡᠳ ᠬᠢᠵᠦ ᠭᠦᠢᠴᠡᠳᠭᠡᠭᠰᠡᠨ ᠤ ᠳᠠᠷᠠᠭ᠎ᠠ ᠭᠡᠷ ᠤᠨ ᠠᠬᠠᠮᠠᠳ ᠳᠠᠷᠦ᠋ᠢᠬᠠᠨ ᠮᠠᠭᠳᠠᠨ ᠰᠠᠶᠢᠰᠢᠶᠠᠵᠤ᠂ ᠤᠷᠮᠠᠰᠢᠭᠤᠯᠤᠨ ᠵᠤᠷᠢᠭᠵᠢᠭᠤᠯᠪᠠᠯ ᠬᠡᠤᠬᠡᠳ ᠤᠨ ᠪᠡᠶ᠎ᠠ ᠳᠡᠭᠡᠨ ᠲᠦᠰᠢᠭᠯᠡᠬᠦ ᠢᠳᠡᠭᠡᠯ ᠵᠤᠷᠢᠭ ᠨᠢ ᠬᠦᠪᠴᠢᠯᠡᠭᠳᠡᠵᠦ᠂ ᠪᠡᠶ᠎ᠡ ᠪᠠᠨ ᠳᠠᠭᠠᠭᠠᠬᠤ ᠴᠢᠳᠠᠪᠤᠷᠢ ᠶᠢᠨ ᠬᠢᠨᠢ ᠪᠦ᠋ᠷᠢᠯᠳᠦᠨ ᠲᠤᠭᠲᠠᠬᠤ ᠳᠤ ᠶᠡᠭᠡ ᠲᠦᠯᠬᠢᠴᠡ ᠬᠦᠴᠦᠨ ᠪᠤᠯᠳᠠᠭ᠃      ᠠᠯᠬᠤᠮ ᠠᠯᠬᠤᠮ ᠢᠶᠠᠷ ᠭᠦᠢᠴᠡᠳᠬᠡᠵᠤ᠂ ᠢᠳᠡᠭ ᠢᠳᠡᠭ ᠢᠶᠠᠷ ᠪᠡᠶᠡᠯᠡᠬᠦᠯᠪᠡᠯ ᠵᠤᠬᠢᠨ᠎ᠠ᠃ ᠬᠡᠦᠬᠡᠳ ᠢ ᠬᠦᠮᠦᠵᠢᠬᠦᠯᠬᠦ ᠳᠤ ᠭᠡᠷ ᠤᠨ ᠠᠬᠠᠮᠠᠳ ᠬᠦᠯᠢᠴᠡᠩᠬᠦᠢ ᠪᠠᠶᠢᠵᠤ᠂ ᠬᠡᠲᠦᠷᠬᠡᠢ ᠶᠠᠭᠠᠷᠠᠵᠤ ᠪᠠᠴᠢᠮᠳᠠᠬᠤ ᠠᠴᠠ ᠵᠠᠶᠢᠯᠠᠰᠬᠢᠬᠦ ᠬᠡᠷᠡᠭᠳᠡᠢ᠃ ᠤᠨᠤᠪᠴᠢ ᠦᠭᠡᠢ ᠵᠢᠯᠤᠭᠤᠳᠤᠯᠭ᠎ᠠ ᠨᠢ ᠬᠡᠤᠬᠡᠳ ᠢ ᠤᠯᠠᠮ ᠮᠤᠵᠢᠭᠤᠳᠠ ᠵᠤᠵᠢᠭ᠂ ᠤᠴᠠᠭᠠᠷᠯᠠᠬᠤ ᠤᠨᠳᠤᠭᠤᠴᠠᠬᠤ᠂ ᠰᠡᠳᠬᠢᠯ ᠰᠠᠨᠠᠭ᠎ᠠ ᠲᠤᠭᠲᠠᠪᠤᠷᠢ ᠦᠭᠡᠢ᠂ ᠳᠤᠷ᠎ᠠ ᠵᠤᠷᠢᠭ ᠢᠶᠠᠷ ᠠᠭᠠᠰᠢᠯᠠᠬᠤ᠂ ᠢᠲᠡᠭᠡᠯ ᠲᠤᠲᠠᠮᠠᠭ ᠵᠡᠷᠭᠡ ᠪᠠᠶᠢᠳᠠᠯ ᠲᠠᠢ ᠪᠤᠯᠭᠠᠵᠤ ᠮᠡᠳᠡᠨ᠎ᠡ᠃ ᠪᠡᠶ᠎ᠡ ᠪᠠᠨ ᠳᠠᠭᠠᠭᠠᠬᠤ ᠭᠡᠳᠡᠭ ᠨᠢ ᠵᠦᠪᠬᠡᠨ ᠵᠢᠵᠢᠭ ᠰᠠᠵᠢᠭ ᠶᠠᠪᠤᠳᠠᠯ ᠢ ᠦᠪᠡᠷ ᠢᠶᠠᠨ ᠬᠢᠵᠦ ᠰᠤᠷᠬᠤ ᠶᠢ ᠬᠡᠯᠡᠬᠦ ᠪᠢᠰᠢ᠂ ᠬᠠᠷᠢᠨ ᠪᠤᠳᠤᠯ ᠰᠡᠳᠬᠢᠯ᠂ ᠵᠤᠷᠢᠭ ᠰᠦᠰᠦ ᠶᠢᠨ ᠲᠠᠯ᠎ᠠ ᠪᠠᠷ ᠴᠤ ᠪᠡᠶ᠎ᠡ ᠪᠠᠨ ᠳᠠᠭᠠᠭᠠᠬᠤ ᠶᠢ ᠵᠢᠭᠠᠵᠤ ᠪᠠᠶᠢᠳᠠᠭ᠃ ᠡᠶᠢᠮᠦ ᠠᠴᠠ ᠭᠡᠷ ᠤᠨ ᠠᠬᠠᠮᠠᠳ ᠪᠤᠯᠤᠭᠰᠠᠳ ᠬᠡᠤᠬᠡᠳ ᠤᠨ ᠦᠰᠦᠯᠳᠡ ᠪᠤᠶᠢᠵᠢᠯᠳᠠ ᠶᠢᠨ ᠤᠨᠴᠠᠯᠢᠭ ᠰᠢᠨᠵᠢ ᠶᠢ ᠤᠶᠢᠯᠠᠭᠠᠵᠤ᠂ ᠬᠦᠯᠢᠴᠡᠩᠭᠦᠢ ᠬᠠᠨᠳᠤᠬᠤ ᠬᠡᠷᠡᠭᠳᠡᠢ᠃       ᠬᠡᠦᠬᠡᠳ ᠤᠨ ᠰᠤᠩᠭᠤᠯᠳᠠ ᠶᠢ ᠬᠦᠨᠳᠦᠳᠬᠡᠬᠦ ᠬᠡᠷᠡᠭᠳᠡᠢ᠃ ᠡᠳᠦᠷ ᠲᠤᠲᠤᠮ ᠤᠨ ᠠᠮᠢᠳᠤᠷᠠᠯ ᠲᠤᠮᠳᠠ ᠬᠡᠷ ᠤᠨ ᠠᠬᠠᠮᠠᠳ ᠪᠤᠯᠤᠭᠰᠠᠳ ᠦᠷᠬᠦᠯᠵᠢ ᠬᠡᠦᠬᠡᠳ ᠢᠶᠠᠨ ᠰᠢᠬᠦᠮᠵᠢᠯᠡᠵᠦ᠂ ᠵᠠᠷᠯᠢᠭᠳᠠᠬᠤ ᠬᠡᠯᠪᠡᠷᠢ ᠪᠠᠷ ᠬᠡᠦᠬᠡᠳ ᠲᠠᠢ ᠬᠠᠷᠢᠯᠴᠠᠳᠠᠭ ᠦᠵᠡᠭᠳᠡᠯ ᠤᠷᠤᠰᠢᠨ᠎ᠠ᠃ ᠡᠨᠡ ᠨᠢ ᠬᠡᠦᠬᠡᠳ ᠤᠨ ᠪᠡᠶ᠎ᠡ ᠪᠠᠨ ᠲᠠᠭᠠᠭᠠᠵᠤ ᠬᠦᠢᠴᠡᠳᠬᠡᠬᠦ ᠡᠷᠬᠡ ᠶᠢ ᠰᠢᠭᠤᠳ ᠬᠢᠵᠠᠭᠠᠷᠯᠠᠭᠰᠠᠨ ᠪᠦᠬᠡᠳ ᠬᠡᠦᠬᠡᠳ ᠤᠨ ᠦᠪᠡᠷᠮᠢᠴᠡ ᠵᠠᠩ ᠴᠢᠨᠠᠷ ᠤᠨ ᠬᠦᠭᠵᠢᠯᠳᠡ ᠶᠢ ᠬᠠᠷᠰᠢᠯᠠᠭᠰᠠᠨ ᠶᠠᠪᠤᠳᠠᠯ ᠪᠤᠯᠤᠨ᠎ᠠ᠃ ᠬᠡᠷ ᠤᠨ ᠠᠬᠠᠮᠠᠳ ᠬᠡᠦᠬᠡᠳ ᠲᠠᠢ ᠤᠴᠢᠷ ᠶᠠᠪᠤᠳᠠᠯ ᠵᠦᠪᠳᠡᠬᠦ ᠳᠡᠭᠡᠨ ᠬᠡᠦᠬᠡᠳ ᠤᠨ ᠬᠢᠵᠦ ᠬᠦᠢᠴᠡᠳᠬᠡᠵᠦ ᠪᠤᠯᠬᠤ ᠬᠡᠳᠦᠨ ᠲᠠᠯ᠎ᠠ ᠶᠢᠨ ᠰᠤᠩᠭᠤᠯᠳᠠ ᠪᠤᠯᠤᠮᠵᠢ ᠶᠢ ᠬᠠᠨᠭ᠍ᠭᠠᠵᠤ᠂ ᠬᠡᠦᠬᠡᠳ ᠤᠨ ᠲᠤᠷ᠎ᠠ ᠰᠤᠨᠢᠷᠬᠠᠯ ᠢ ᠦᠨᠳᠦᠰᠦᠯᠡᠨ ᠬᠢᠯᠬᠡᠵᠦ ᠪᠤᠯᠤᠨ᠎ᠠ᠃ ᠬᠡᠦᠬᠡᠳ ᠤᠨ ᠰᠤᠩᠭᠤᠯᠳᠠ ᠨᠢ ᠲᠡᠶᠢᠮᠦ ᠵᠤᠬᠢᠰᠳᠠᠢ ᠪᠢᠰᠢ ᠪᠠᠶᠢᠬᠤ ᠵᠠᠷᠢᠮ ᠦᠶ᠎ᠡ ᠳᠤ ᠬᠡᠦᠬᠡᠳ ᠤᠨ ᠲᠤᠷ᠎ᠠ ᠰᠤᠨᠢᠷᠬᠠᠯ ᠢ ᠬᠦᠨᠳᠦᠳᠬᠡᠨ᠂ ᠬᠡᠦᠬᠡᠳ ᠲᠤ ᠪᠠᠭ᠎ᠠ ᠠᠴᠠ ᠨᠢ ᠦᠪᠡᠷ ᠤᠨ ᠰᠤᠩᠭᠤᠯᠳᠠ᠂ ᠦᠪᠡᠷ ᠤᠨ ᠠᠵᠢᠯᠯᠠᠭ᠎ᠠ ᠳᠠᠭᠠᠨ ᠬᠠᠷᠢᠭᠤᠴᠠᠬᠤ ᠲᠠᠨᠢᠯᠳᠠ ᠤᠶᠢᠯᠠᠭᠠᠯᠳᠠ ᠶᠢ ᠬᠦᠮᠦᠵᠢᠬᠦᠯᠬᠦ ᠬᠡᠷᠡᠭᠳᠡᠢ᠃      ᠬᠡᠦᠬᠡᠳ ᠢ ᠤᠯᠠᠨ ᠨᠠᠶᠢᠳᠠ ᠶᠢᠨ ᠲᠠᠯᠠᠪᠤᠷ ᠲᠤ ᠢᠯᠡᠬᠦᠬᠡᠨ ᠤᠴᠢᠭᠤᠯᠪᠠᠯ ᠵᠤᠬᠢᠨ᠎ᠠ᠃ ᠬᠡᠦᠬᠡᠳ ᠴᠡᠴᠡᠷᠯᠢᠭ   ᠲᠤ ᠤᠷᠤᠭᠰᠠᠨ ᠤ ᠲᠠᠷᠠᠭ᠎ᠠ ᠪᠤᠰᠤᠳ ᠲᠠᠢ ᠡᠬᠢᠯᠡᠨ ᠬᠠᠷᠢᠯᠴᠠᠵᠤ ᠵᠢᠩᠭᠢᠨᠢ ᠪᠡᠶ᠎ᠡ ᠪᠠᠨ ᠲᠠᠭᠠᠭᠠᠬᠤ ᠴᠢᠳᠠᠪᠤᠷᠢ ᠨᠢ ᠪᠦᠷᠢᠯᠳᠦᠵᠦ ᠡᠬᠢᠯᠡᠳᠡᠭ᠃ ᠬᠡᠦᠬᠡᠳ ᠪᠢᠴᠢᠬᠠᠨ ᠨᠠᠶᠢᠵᠠ ᠨᠠᠷ ᠲᠠᠢ ᠪᠠᠨ ᠬᠠᠮᠳᠤ ᠲᠤᠭᠯᠠᠬᠤ ᠲᠤᠮᠳᠠ ᠬᠠᠷᠢᠯᠴᠠᠨ ᠰᠤᠷᠤᠯᠴᠠᠳᠠᠭ᠃ ᠬᠡᠷ ᠤᠨ ᠠᠬᠠᠮᠠᠳ ᠪᠤᠯᠤᠭᠰᠠᠳ ᠬᠡᠦᠬᠡᠳ ᠲᠤ ᠵᠤᠬᠢᠶᠠᠨ ᠪᠠᠶᠢᠭᠤᠯᠤᠯᠳᠠ ᠲᠠᠢ᠂ ᠵᠠᠷᠴᠢᠮ ᠲᠠᠢ᠂ ᠤᠳᠬ᠎ᠠ ᠠᠭᠤᠯᠭ᠎ᠠ ᠲᠠᠢ ᠤᠯᠠᠨ ᠨᠠᠶᠢᠳᠠ ᠶᠢᠨ ᠬᠦᠳᠡᠯᠬᠡᠬᠡᠨ ᠪᠤᠶᠤ ᠲᠤᠭᠯᠠᠭᠠᠮ ᠳᠤ ᠤᠷᠤᠯᠴᠠᠬᠤ ᠨᠦᠬᠦᠴᠡᠯ ᠬᠠᠨᠭ᠍ᠭᠠᠵᠤ ᠦᠭᠪᠡᠯ ᠰᠡᠶᠢᠨ᠃      ᠨᠢᠭᠡ ᠬᠦᠮᠦᠨ ᠤ ᠪᠡᠶ᠎ᠡ ᠪᠠᠨ ᠳᠠᠭᠠᠭᠠᠬᠤ ᠴᠢᠳᠠᠪᠦᠷᠢ ᠨᠢ ᠪᠠᠭ᠎ᠠ ᠶᠢᠨ ᠦᠶ᠎ᠠ ᠶᠢᠨ ᠬᠦᠷᠳᠡᠭᠰᠡᠨ ᠬᠦᠮᠦᠵᠢᠯ ᠲᠠᠢ ᠶᠡᠭᠡ ᠬᠤᠯᠪᠤᠭ᠎ᠠ ᠲᠠᠢ᠂ ᠪᠠᠭ᠎ᠠ ᠶᠢᠨ ᠦᠶ᠎ᠡ ᠶᠢᠨ ᠬᠦᠷᠳᠡᠭᠰᠡᠨ ᠬᠦᠮᠦᠵᠢᠯ ᠭᠡᠪᠡᠯ ᠭᠡᠷ ᠤᠨ ᠠᠬᠠᠮᠠᠳ ᠲᠠᠢ ᠰᠢᠭᠤᠳ ᠬᠤᠯᠪᠤᠬᠳᠠᠨ᠎ᠠ᠃ ᠲᠡᠭᠡᠬᠦᠯᠡᠷ ᠪᠢᠳᠡ ᠶᠡᠷᠦ ᠨᠢ ︽ᠪᠠᠷᠰ ᠴᠠᠭ ᠲᠤ ᠪᠤᠰᠬᠤ ᠦᠭᠡᠢ ᠪᠤᠯ ᠡᠳᠦᠷ ᠤᠨ ᠠᠵᠢᠯ ᠬᠤᠵᠢᠮᠳᠠᠨ᠎ᠠ᠂ ᠪᠠᠭ᠎ᠠ ᠨᠠᠰᠤᠨ ᠳᠤ ᠪᠠᠨ ᠰᠤᠷᠬᠤ ᠦᠭᠡᠢ ᠪᠤᠯ ᠨᠠᠰᠤᠨ ᠤ ᠶᠠᠪᠤᠳᠠᠯ ᠬᠤᠴᠤᠷᠤᠨ᠎ᠠ︾᠂ ︽ᠠᠷᠤ ᠳᠠᠪᠠᠵᠤ ᠬᠦᠯᠦᠭ ᠪᠤᠯᠳᠠᠭ ᠂ ᠠᠵᠢᠯ ᠬᠢᠵᠦ ᠬᠦᠮᠦᠨ ᠪᠤᠯᠳᠠᠭ︾ ᠬᠡᠵᠦ ᠬᠡᠦᠬᠡᠳ ᠢᠶᠠᠨ ᠰᠤᠷᠭᠠᠳᠠᠭ᠃ ᠬᠡᠦᠬᠡᠳ ᠦᠪᠡᠷ ᠢᠶᠠᠨ ᠬᠢᠵᠦ ᠲᠡᠶᠢᠯᠬᠦ ᠵᠦᠢᠯᠡᠰ ᠢᠶᠠᠨ ᠦᠪᠡᠷ ᠢᠶᠠᠨ ᠬᠢᠪᠡᠯ ᠰᠠᠶ᠋ᠢ ᠲᠡᠰᠪᠦᠷᠢ ᠲᠡᠪᠴᠢᠶᠡᠷᠢ ᠪᠠᠨ ᠲᠠᠪᠳᠠᠵᠤ᠂ ᠵᠤᠷᠢᠭᠳᠠᠢ ᠲᠠᠭᠠᠭᠠᠮᠠᠭᠠᠢ ᠬᠦᠮᠦᠵᠢᠭᠳᠡᠳᠡᠭ᠃ ᠡᠬᠦᠨ ᠤ ᠤᠯᠠᠮ ᠢᠶᠠᠷ ᠬᠡᠦᠬᠡᠳ ᠪᠠᠰᠠ ᠪᠠᠶ᠎ᠠ ᠪᠠᠨ ᠡᠵᠡᠮᠳᠡᠬᠦ ᠶᠢ ᠰᠤᠷᠴᠤ᠂ ᠬᠢᠬᠦ ᠵᠦᠢᠯ ᠳᠡᠭᠡᠨ ᠡᠮᠬᠢ ᠲᠠᠷᠠᠭ᠎ᠠ ᠲᠠᠢ ᠪᠤᠯᠵᠤ᠂ ᠦᠪᠡᠷ ᠤᠨ ᠪᠠᠶᠢᠳᠠᠯ ᠳᠠᠭᠠᠨ ᠵᠤᠬᠢᠴᠠᠬᠤ ᠦᠬᠡᠢ ᠪᠤᠳᠤᠯ ᠰᠡᠳᠬᠢᠯ᠂ ᠬᠦᠰᠡᠯ ᠬᠦᠬᠡᠬᠡᠴᠡᠯᠳᠦᠯ ᠢ ᠲᠠᠪᠴᠢᠵᠦ ᠴᠢᠳᠠᠬᠤ ᠪᠤᠯᠤᠨ᠎ᠠ᠃ ᠡᠶᠢᠮᠦ ᠠᠴᠠ ᠬᠡᠷ ᠤᠨ ᠠᠬᠠᠮᠠᠳ ᠪᠤᠯᠤᠭᠰᠠᠳ ᠬᠡᠦᠬᠡᠳ ᠢᠶᠠᠨ ᠤᠷᠮᠠᠰᠢᠭᠤᠯᠤᠨ ᠵᠤᠷᠢᠭᠵᠢᠭᠤᠯᠵᠤ᠂ ᠨᠦᠬᠦᠴᠡᠯ ᠦᠬᠡᠢ ᠪᠠᠷ ᠬᠠᠯᠠᠮᠵᠢᠯᠠᠨ ᠬᠠᠪᠰᠤᠷᠴᠤ᠂ ᠬᠦᠯᠢᠴᠡᠩᠭᠦᠢ ᠨᠢᠮᠪᠠᠢ ᠬᠠᠨᠳᠤᠪᠠᠯ ᠬᠡᠦᠬᠡᠳ ᠴᠢᠨᠢ ᠯᠠᠪᠳᠠᠢ ᠰᠡᠶᠢᠨ ᠰᠠᠶᠢᠬᠠᠨ ᠵᠠᠩ ᠠᠷᠠᠨᠰᠢᠨ ᠲᠠᠢ᠂ ᠪᠡᠶ᠎ᠡ ᠪᠠᠨ ᠲᠠᠭᠠᠭᠠᠭᠰᠠᠨ ᠴᠢᠳᠠᠪᠤᠷᠢ ᠲᠠᠢ ᠦᠰᠦᠨ ᠪᠤᠶᠢᠵᠢᠬᠤ ᠪᠤᠯᠤᠨ᠎ᠠ᠃  
ᠢᠷᠡᠯᠲᠡ᠄ ᠲᠣᠰ ᠰᠥᠯᠵᠢᠶ᠎ᠡ