ᠠᠯᠠᠭᠠᠨ ᠳᠡᠭᠡᠷᠡᠬᠢ ᠠᠷᠠᠳ ᠤᠨ ᠰᠤᠶᠤᠯ ᠤᠨ ᠤᠯᠠᠮᠵᠢᠯᠠᠯ
ᠨᠡᠶᠢᠲᠡᠯᠡᠭᠰᠡᠨ ᠴᠠᠭ᠄
2024/9/5
          ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠪᠠᠳᠤᠭᠠᠷ ᠬᠤᠭᠤᠴᠠᠭᠠᠨ ᠤ ᠴᠦᠬᠡᠨ ᠲᠤᠭᠠᠳᠤ ᠦᠨᠳᠤᠰᠤᠳᠡᠨ ᠤ ᠣᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠦᠵᠡᠬᠦᠯᠦᠯᠭᠡ ᠶᠢᠨ ᠲᠤᠭᠯᠠᠯᠳᠠ ᠶᠢᠨ ᠨᠢᠭᠡ ᠪᠤᠯᠤᠭᠰᠠᠨ ᠱᠠᠭ᠎ᠠ ᠶᠢᠨ ᠣᠷᠤᠯᠳᠤᠭᠠᠨ ᠤ ᠠᠬᠤᠢ ᠲᠠᠯᠠᠪᠠᠢ ᠳᠤ᠂ ᠪᠦᠬᠦ ᠣᠷᠤᠨ ᠤ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠱᠠᠭ᠎ᠠ ᠨᠠᠭᠠᠳᠤᠮ ᠤᠨ ᠪᠠᠭ᠋ᠠᠳᠠᠳ ᠭᠠᠷ ᠤᠨ ᠤᠷᠠᠨ ᠢᠶᠠᠨ ᠭᠠᠶᠢᠬᠠᠭᠤᠯᠤᠨ ᠣᠢ ᠪᠢᠯᠢᠭ ᠢᠶᠠᠨ ᠰᠤᠷᠢᠵᠦ᠂ ᠶᠡᠭᠡ ᠬᠥᠭᠵᠢᠶᠡᠡᠳᠡᠢ ᠪᠠᠶᠢᠯ᠎ᠠ᠃          ᠡᠨᠡ ᠵᠢᠯ ᠳᠠᠯᠠ ᠶᠢᠨ ᠳᠠᠪᠠᠭ᠎ᠠ ᠶᠢ ᠲᠥᠬᠦᠵᠦ ᠶᠠᠪᠤᠭ᠎ᠠ᠂ ᠣᠷᠳᠤᠰ ᠬᠤᠳᠠ ᠶᠢᠨ ᠣᠲᠤᠭ ᠬᠤᠰᠢᠭᠤᠨ ᠤ ᠨᠤᠲᠤᠭ ᠤᠨ ᠰᠤᠶᠤᠯ ᠤᠨ ᠵᠢᠳᠬᠦᠯᠳᠡᠨ ᠠᠷᠪᠢᠨᠪᠠᠶᠠᠷ ᠪᠠᠭᠰᠢ ᠣᠷᠳᠤᠰ ᠬᠤᠳᠠ ᠶᠢᠨ ᠱᠠᠭ᠎ᠠ ᠨᠠᠭᠠᠳᠤᠮ ᠤᠨ ᠲᠠᠮᠢᠷᠴᠢᠳ ᠤᠨ ᠰᠤᠷᠭᠠᠭᠴᠢ ᠪᠠᠷ ᠠᠵᠢᠯᠯᠠᠵᠦ ᠢᠷᠡᠭᠰᠡᠨ ᠪᠦᠭᠡᠳ ᠡᠨᠡ ᠣᠳᠠᠭ᠎ᠠ ᠠᠷᠠᠳ ᠤᠨ ᠤᠯᠠᠮᠵᠢᠯᠠᠯᠲᠤ ᠱᠠᠭ᠎ᠠ ᠨᠠᠭᠠᠳᠤᠮ ᠢ ᠦᠬᠡᠷᠡᠴᠢᠯᠡᠨ ᠰᠢᠨᠡᠴᠢᠯᠡᠭᠰᠡᠨ ︿ᠱᠠᠭ᠎ᠠ ᠬᠠᠷᠪᠤᠭ᠎ᠠ﹀᠂ ︿ᠱᠠᠭ᠎ᠠ ᠨᠢᠰᠤᠯᠠᠬᠤ﹀ ᠵᠡᠷᠭᠡ ᠬᠤᠶᠠᠷ ᠲᠦᠷᠦᠯ ᠤᠨ ᠱᠠᠭ᠎ᠠ ᠨᠠᠭᠠᠳᠤᠮ ᠤᠨ ᠪᠠᠭᠠᠵᠢ ᠲᠥᠬᠦᠬᠡᠷᠤᠮᠵᠢ ᠪᠠᠨ ᠠᠪᠴᠢᠷᠠᠵᠦ᠂ ᠨᠠᠭᠠᠳᠤᠬᠤ ᠠᠷᠭ᠎ᠠ ᠲᠥᠷᠢᠮ ᠤᠨ ᠲᠤᠬᠠᠢ ᠣᠯᠠᠨ ᠳᠠᠶᠠᠭᠠᠷ ᠲᠤ ᠳᠡᠯᠭᠡᠭᠡᠨ ᠬᠠᠷᠠᠭᠤᠯᠵᠦ᠂ ᠪᠡᠶᠡᠴᠢᠯᠡᠨ ᠣᠶᠢᠯᠠᠭᠠᠭᠤᠯᠤᠭᠠᠳ᠂ ᠬᠦᠮᠤᠰ ᠤᠨ ᠮᠠᠭᠲᠠᠭᠠᠯ ᠰᠠᠶᠢᠰᠢᠶᠠᠯ ᠢ ᠣᠯᠣᠯ᠎ᠠ᠃ ᠱᠠᠭ᠎ᠠ ᠰᠤᠶᠤᠯ ᠶᠢ ᠣᠯᠠᠮᠵᠢᠯᠠᠨ ᠬᠦᠭᠵᠢᠬᠦᠯᠬᠦ ᠶᠢᠨ ᠲᠥᠯᠦᠭᠡ ᠠᠷᠪᠢᠨᠪᠠᠶᠠᠷ ᠪᠠᠭᠰᠢ ᠣᠯᠠᠨ ᠵᠢᠯ ᠤᠨ ᠲᠤᠷᠰᠢ ᠬᠦᠴᠦ ᠰᠡᠳᠬᠢᠯ ᠢᠶᠠᠨ ᠵᠣᠷᠢᠭᠤᠯᠵᠦ᠂ ᠣᠷᠴᠢᠮ ᠤᠨ ᠵᠢᠯ ᠢᠶᠠᠷ ᠣᠷᠳᠤᠰ ᠬᠤᠳᠠ ᠶᠢᠨ ᠡᠯ᠎ᠡ ᠬᠤᠰᠢᠭᠤ ᠲᠤᠭᠤᠷᠢᠭ ᠤᠨ 20 ᠭᠠᠷᠤᠢ ᠲᠤᠮᠳᠠᠳᠤ ᠪᠠᠭ᠎ᠠ ᠰᠤᠷᠭᠠᠭᠤᠯᠢ ᠳᠤ ᠱᠠᠭ᠎ᠠ ᠨᠠᠭᠠᠳᠤᠮ ᠤᠨ ᠳᠤᠷ᠎ᠠ ᠰᠣᠨᠢᠷᠬᠠᠯ ᠤᠨ ᠬᠢᠴᠢᠶᠡᠯᠡᠯᠭᠡ ᠬᠢᠵᠦ᠂ ᠤᠷᠢᠳ ᠬᠤᠵᠢᠳ ᠲᠥᠮᠡ ᠭᠠᠷᠤᠢ ᠰᠤᠷᠤᠭᠴᠢᠳ ᠲᠤ ᠱᠠᠭ᠎ᠠ ᠨᠠᠭᠠᠳᠤᠮ ᠤᠨ ᠰᠤᠶᠤᠯ ᠢᠷᠬᠡᠨᠰᠢᠯ ᠢ ᠳᠡᠯᠬᠡᠷᠡᠬᠦᠯᠦᠨ ᠤᠯᠠᠮᠵᠢᠯᠠᠵᠦ᠂ ᠱᠠᠭ᠎ᠠ ᠰᠤᠶᠤᠯ ᠤᠨ ᠬᠤᠳᠠ ᠶᠢᠨ ᠳᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ ᠶᠢᠨ ᠡᠬᠦᠷᠭᠡ ᠲᠤᠰᠢᠶᠠᠯ ᠢᠶᠠᠨ ᠰᠠᠶᠢᠳᠤᠷ ᠬᠦᠢᠴᠡᠳᠬᠡᠭᠰᠡᠭᠡᠷ ᠢᠷᠡᠵᠡᠢ᠃
ᠢᠷᠡᠯᠲᠡ᠄ ᠠᠷᠠᠳ ᠤᠨ ᠰᠦᠯᠵᠢᠶ᠎ᠡ