ᠤᠨᠴᠠᠭᠠᠢ ᠰᠤᠷᠭᠠᠨ ᠬᠦᠮᠦᠵᠢᠯ ᠢ ᠰᠢᠯᠢᠳᠡᠭᠵᠢᠬᠦᠯᠬᠦ ᠳᠤ ᠠᠭᠤᠰᠤᠯᠴᠠᠯ ᠢ ᠰᠠᠶᠢᠳᠤᠷ ᠬᠢᠶ᠎ᠠ
ᠨᠡᠶᠢᠲᠡᠯᠡᠭᠰᠡᠨ ᠴᠠᠭ᠄
2024/9/5
       ᠣᠨᠴᠠᠭᠠᠶ ᠰᠤᠷᠭᠠᠨ ᠬᠥᠮᠦᠵᠢᠯ ᠪᠣᠯ ᠰᠤᠷᠭᠠᠨ ᠬᠥᠮᠦᠵᠢᠯ ᠤᠨ ᠴᠢᠬᠤᠯᠠ ᠨᠢᠬᠡ ᠪᠦᠷᠢᠯᠳᠦᠬᠦᠨ ᠬᠡᠰᠡᠭ ᠪᠠᠶᠢᠵᠤ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢ ᠰᠠᠶᠢᠲᠤᠷ ᠡᠷᠭᠢᠯᠡᠬᠦ ᠨᠢ ᠣᠨᠴᠠᠭᠠᠶ ᠬᠡᠤᠬᠡᠳ ᠤᠨ ᠦᠰᠦᠨ ᠪᠤᠶᠢᠵᠢᠯᠲᠠ ᠳᠤ ᠬᠤᠯᠪᠣᠭᠳᠠᠬᠤ ᠪᠠᠷ ᠪᠠᠷᠠᠬᠤ ᠥᠬᠡᠶ ᠪᠠᠰᠠ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠬᠥᠭᠵᠢᠯᠲᠡ ᠳᠤ ᠬᠤᠯᠪᠣᠭᠳᠠᠳᠠᠭ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠠ ᠰᠤᠷᠭᠠᠨ ᠬᠥᠮᠦᠵᠢᠯ ᠤᠨ ᠵᠠᠰᠠᠯᠳᠠ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠲᠠᠰᠤᠷᠠᠯᠲᠠ ᠥᠬᠡᠶ ᠬᠦᠭᠵᠢᠬᠦ ᠶᠢ ᠳᠠᠭᠠᠯᠳᠤᠨ᠂ ᠮᠠᠨ ᠤ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠪᠠ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠵᠡᠢ᠃ ᠬᠡᠪᠡᠴᠦ ᠣᠨᠴᠠᠭᠠᠶ ᠬᠡᠤᠬᠡᠳ ᠲᠤ ᠴᠢᠨᠠᠷ ᠰᠠᠶᠢᠲᠠᠶ ᠰᠤᠷᠭᠠᠨ ᠬᠥᠮᠦᠵᠢᠯ ᠬᠠᠩᠭᠠᠬᠤ ᠳᠤ ᠡᠯ᠎ᠡ ᠲᠠᠯ᠎ᠠ ᠶᠢᠨ ᠬᠢᠨ ᠤ ᠴᠢᠷᠮᠠᠶᠢᠯᠭ᠎ᠠ ᠪᠠᠰᠠ ᠴᠢᠬᠤᠯᠠᠲᠠᠶ ᠪᠠᠶᠢᠨ᠎ᠠ᠃ ᠪᠢᠷᠴᠢᠨ ᠤ ᠦᠵᠡᠬᠦ ᠪᠠᠷ᠂ ᠣᠨᠴᠠᠭᠠᠶ ᠰᠤᠷᠭᠠᠨ ᠬᠥᠮᠦᠵᠢᠯ ᠢ ᠰᠢᠯᠢᠳᠡᠭᠵᠢᠭᠦᠯᠦᠶ᠎ᠡ ᠭᠡᠪᠡᠯ ᠡᠷᠬᠡᠪᠰᠢ ᠠᠭᠤᠰᠤᠯᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃       ᠣᠨᠴᠠᠭᠠᠶ ᠰᠤᠷᠭᠠᠨ ᠬᠥᠮᠦᠵᠢᠯ ᠪᠠ ᠡ᠊ᠩ ᠤᠨ ᠰᠤᠷᠭᠠᠨ ᠬᠥᠮᠦᠵᠢᠯ ᠤᠨ ᠠᠭᠤᠰᠤᠯᠴᠠᠯ ᠢ ᠰᠠᠶᠢᠲᠤᠷ ᠬᠢᠨ᠎ᠠ᠃ ᠣᠳᠣᠬᠠᠨ ᠤ ᠪᠠᠶᠢᠳᠠᠯ ᠠᠴᠠ ᠦᠵᠡᠪᠡᠯ᠂ ᠵᠠᠷᠢᠮ ᠡᠪᠡᠳᠴᠢᠨ ᠤ ᠢᠯᠡᠷᠡᠯ ᠨᠢ ᠨᠡᠯᠢᠶᠡᠳ ᠬᠥᠩᠭᠡᠨ ᠣᠨᠴᠠᠭᠠᠶ ᠬᠡᠤᠬᠡᠳ ᠡ᠊ᠩ ᠤᠨ ᠰᠤᠷᠭᠠᠭᠤᠯᠢ ᠳᠤ ᠠᠩᠭᠢ ᠳᠠᠭᠠᠵᠤ ᠰᠤᠷᠤᠯᠴᠠᠵᠤ ᠪᠠᠶᠢᠨ᠎ᠠ᠂ ᠪᠠᠰᠠ ᠵᠠᠷᠢᠮ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠭᠰᠠᠨ ᠬᠡᠤᠬᠡᠳ ᠬᠡᠰᠡᠭ ᠬᠤᠭᠤᠴᠠᠭᠠᠨ ᠤ ᠪᠣᠯᠪᠠᠰᠤᠷᠠᠯ ᠭᠥᠷᠳᠡᠵᠦ᠂ ᠬᠢᠨᠠᠨ ᠰᠢᠯᠭᠠᠯᠳᠠ ᠳᠤ ᠬᠢᠷᠢ ᠲᠡᠩᠴᠡᠭᠰᠡᠨ ᠤ ᠳᠠᠷᠠᠭ᠎ᠠ ᠡ᠊ᠩ ᠤᠨ ᠰᠤᠷᠭᠠᠭᠤᠯᠢ ᠳᠤ ᠰᠢᠯᠵᠢᠨ ᠠᠩᠭᠢ ᠲᠠᠭᠠᠨ ᠰᠤᠷᠤᠯᠴᠠᠵᠤ ᠪᠠᠶᠢᠨ᠎ᠠ᠂ ᠡᠲᠡᠭᠡᠷ ᠠᠷᠭ᠎ᠠ ᠬᠢᠳᠡᠯ ᠨᠢ ᠲᠦᠢᠯ ᠤᠨ ᠶᠡᠭᠡ ᠲᠣᠯᠢᠯᠠᠬᠤ ᠠᠴᠢ ᠬᠤᠯᠪᠣᠭᠳᠠᠯ ᠲᠠᠢ᠃ ᠭᠡᠪᠡᠴᠦ ᠪᠠᠰᠠ ᠵᠠᠷᠢᠮ ᠳᠦᠯᠡᠶ ᠶᠠᠪᠠ ᠬᠡᠦᠬᠡᠳ ᠭᠠᠳᠠᠭᠠᠳᠤ ᠣᠷᠴᠢᠨ ᠲᠠᠢ ᠬᠠᠷᠢᠯᠴᠠᠵᠤ ᠨᠡᠪᠲᠡᠷᠡᠯᠴᠡᠬᠦ ᠳᠤ ᠬᠠᠷᠰᠢ ᠰᠠᠭᠠᠳ ᠲᠠᠢ ᠪᠤᠯᠬᠤᠷ ᠠᠩᠭᠢ ᠳᠠᠭᠠᠵᠤ ᠰᠤᠷᠤᠯᠴᠠᠬᠤ ᠶᠢᠨ ᠠᠷᠭ᠎ᠠ ᠦᠭᠡᠢ ᠪᠠᠶᠢᠳᠠᠭ᠃ ᠡᠶᠢᠮᠦ ᠠᠴᠠ ᠣᠨᠴᠠᠭᠠᠶ ᠬᠡᠤᠬᠡᠳ ᠢ ᠬᠠᠮᠠᠭᠠᠯᠠᠭᠰᠠᠨ ᠤᠷᠢᠲᠠᠯ ᠳᠣᠤᠷ᠎ᠠ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠪᠠ ᠡ᠊ᠩ ᠤᠨ ᠰᠤᠷᠭᠠᠭᠤᠯᠢ ᠶᠢᠨ ᠬᠤᠭᠤᠷᠣᠨᠳᠣᠬᠢ ᠠᠭᠤᠰᠤᠯᠴᠠᠭ᠎ᠠ ᠶᠢ ᠵᠣᠬᠢᠰᠲᠠᠶ ᠰᠠᠶᠢᠲᠤᠷ ᠬᠢᠵᠦ᠂ ᠰᠤᠷᠭᠠᠭᠤᠯᠢ ᠶᠢᠨ ᠬᠤᠭᠤᠷᠣᠨᠳᠣᠬᠢ ᠬᠢᠴᠢᠶᠡᠯ ᠤᠨ ᠰᠣᠯᠢᠯᠴᠠᠭ᠎ᠠ ᠶᠢ ᠥᠷᠨᠢᠭᠦᠯᠵᠦ ᠪᠣᠯᠤᠨ᠎ᠠ᠃       ᠣᠳᠣᠬᠠᠨ ᠤ ᠣᠨᠴᠠᠭᠠᠶ ᠰᠤᠷᠭᠠᠨ ᠬᠥᠮᠦᠵᠢᠯ ᠪᠠ ᠢᠷᠡᠭᠡᠳᠦᠶ ᠶᠢᠨ ᠠᠵᠢᠯ ᠦᠢᠯᠡᠰ ᠤᠨ ᠨᠡᠪᠲᠡᠷᠡᠯᠴᠡᠭᠡ ᠶᠢ ᠰᠠᠶᠢᠲᠤᠷ ᠬᠢᠨ᠎ᠠ᠃ ᠵᠠᠷᠢᠮ ᠣᠨᠴᠠᠭᠠᠶ ᠬᠡᠤᠬᠡᠳ ᠵᠠᠷᠢᠮ ᠲᠠᠯ᠎ᠠ ᠪᠠᠷ ᠡ᠊ᠡᠭ ᠤᠨ ᠬᠥᠮᠦᠨ ᠠᠴᠠ ᠬᠡᠳᠦ᠋ᠳᠦᠭᠰᠡᠨ ᠠᠪᠢᠶᠠᠰ ᠪᠢᠯᠢᠭ ᠲᠠᠢ ᠪᠠᠶᠢᠳᠠᠭ᠂ ᠲᠡᠳᠡᠨ ᠤ ᠨᠢᠭᠤᠭᠳᠠᠵᠤ ᠪᠠᠶᠢᠭ᠎ᠠ ᠠᠪᠢᠶᠠᠰ ᠪᠢᠯᠢᠭ ᠢ ᠬᠡᠷᠬᠢᠨ ᠢᠯᠡᠷᠡᠭᠦᠯᠬᠦ ᠪᠣᠶ︖ ᠢᠷᠡᠬᠡᠳᠦᠢ ᠶᠢᠨ ᠬᠥᠭᠵᠢᠯᠲᠡ ᠶᠢᠨ ᠲᠠᠯ᠎ᠠ ᠠᠴᠠ ᠭᠠᠷᠳᠠᠨ᠂ ᠣᠨᠴᠠᠭᠠᠶ ᠬᠡᠦᠬᠡᠳ ᠤᠨ ᠬᠤᠪᠢ ᠬᠥᠮᠦᠨ ᠤ ᠴᠢᠳᠠᠪᠤᠷᠢ ᠶᠢ ᠦᠨᠳᠦᠰᠦᠯᠡᠨ᠂ ᠲᠦᠷᠦᠯ ᠬᠤᠪᠢᠶᠠᠨ ᠵᠢᠭᠠᠨ ᠰᠤᠷᠭᠠᠵᠤ᠂ ᠲᠡᠳᠡᠨ ᠤ ᠢᠷᠡᠭᠡᠳᠦᠶ ᠶᠢᠨ ᠠᠵᠢᠯ ᠦᠢᠯᠡᠰ ᠤᠨ ᠵᠠᠮ ᠢ ᠨᠡᠪᠲᠡᠷᠡᠭᠦᠯᠵᠦ ᠪᠣᠯᠤᠨ᠎ᠠ᠃ ᠠᠵᠢᠯ ᠮᠡᠷᠭᠡᠵᠢᠯ ᠤᠨ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ ᠬᠡᠯᠪᠡᠷᠢ ᠪᠠᠷ ᠳᠠᠮᠵᠢᠨ᠂ ᠠᠵᠢᠯ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠣᠨᠴᠠᠭᠠᠶ ᠬᠡᠤᠬᠡᠳ ᠲᠧ ᠲᠤᠬᠢᠷᠠᠭᠰᠠᠨ᠂ ᠲᠤᠰᠬᠠᠶᠢᠵᠢᠭᠰᠠᠨ ᠬᠢᠴᠢᠶᠡᠯ ᠬᠠᠩᠭᠠᠵᠤ ᠪᠤᠯᠤᠨ᠎ᠠ᠃ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠨᠢ ᠪᠠᠰᠠ ᠰᠤᠷᠤᠭᠴᠢᠳ ᠤᠨ ᠪᠣᠳᠠᠲᠠᠶ ᠪᠠᠶᠢᠳᠠᠯ ᠢ ᠦᠨᠳᠦᠰᠦᠯᠡᠨ᠂ ᠲᠡᠳᠡᠨ ᠢ ᠣᠶᠢᠷ᠎ᠠ ᠬᠠᠪᠢ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠬᠦᠷᠭᠡᠵᠦ ᠳᠤᠷ᠎ᠠ ᠰᠣᠨᠢᠷᠬᠠᠯ ᠲᠠᠢ᠂ ᠪᠡᠶ᠎ᠠ ᠳᠤᠨᠢ ᠲᠤᠬᠢᠷᠠᠭᠰᠠᠨ ᠲᠤᠰᠬᠠᠶ ᠮᠡᠷᠭᠡᠵᠢᠯ ᠤᠨ ᠬᠢᠴᠢᠶᠡᠯ ᠢ ᠨᠢ ᠰᠤᠷᠤᠯᠴᠠᠭᠤᠯᠵᠤ ᠪᠣᠯᠤᠨ᠎ᠠ᠃       ᠣᠨᠴᠠᠭᠠᠶ ᠬᠡᠤᠬᠡᠳ ᠨᠢᠭᠡ ᠪᠦᠷᠢ ᠶᠢᠨ ᠨᠡᠶᠢᠭᠡᠮ ᠲᠠᠢ ᠨᠠᠩ ᠰᠠᠶᠢᠨ ᠠᠭᠤᠰᠤᠯᠴᠠᠬᠤ ᠶᠢ ᠳᠡᠮᠵᠢᠨ᠎ᠡ᠃ ᠨᠡᠶᠢᠭᠡᠮ ᠤᠨ ᠬᠦᠯᠢᠶᠡᠨ ᠠᠪᠬᠤ᠂ ᠪᠠᠭᠲᠠᠭᠠᠬᠤ ᠪᠠ ᠳᠡᠮᠵᠢᠬᠦ ᠶᠢ ᠳᠠᠭᠠᠯᠳᠤᠨ᠂ ᠨᠡᠩ ᠣᠯᠠᠨ ᠣᠨᠴᠠᠭᠠᠶ ᠬᠡᠦᠬᠡᠳ ᠤᠳ ᠣᠨᠴᠠᠭᠠᠶ ᠠᠩᠭᠢ ᠠᠴᠠ ᠡ᠊ᠩ ᠤᠨ ᠠᠩᠭᠢ᠂ ᠣᠨᠴᠠᠭᠠᠶ ᠰᠤᠷᠭᠠᠭᠤᠯᠢ ᠠᠴᠠ ᠡ᠊ᠩ ᠤᠨ ᠰᠤᠷᠭᠠᠭᠤᠯᠢ ᠵᠦᠭ ᠰᠢᠯᠵᠢᠵᠦ ᠪᠠᠶᠢᠨ᠎ᠠ᠃ ᠣᠨᠴᠠᠭᠠᠶ ᠬᠡᠤᠬᠡᠳ ᠨᠢᠭᠡ ᠪᠦᠷᠢ ᠴᠥᠮ ᠡᠷᠡᠭᠦᠯ ᠴᠢᠭᠢᠷᠠᠭ ᠬᠥᠮᠦᠨ ᠰᠢᠭ ᠠᠮᠢᠳᠤᠷᠠᠬᠤ ᠶᠢ ᠬᠦᠰᠡᠳᠡᠭ᠃ ᠣᠨᠴᠠᠭᠠᠶ ᠬᠡᠤᠬᠡᠳ ᠢ ᠬᠡᠷᠬᠢᠨ ᠬᠠᠪᠰᠤᠷᠴᠤ ᠨᠡᠶᠢᠭᠡᠮ ᠲᠠᠢ ᠨᠠᠩ ᠰᠠᠶᠢᠨ ᠠᠭᠤᠰᠤᠯᠴᠠᠭᠤᠯᠬᠤ ᠨᠢ ᠪᠠᠰᠠ ᠴᠤ ᠣᠨᠴᠠᠭᠠᠶ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠪᠤᠴᠠ ᠳᠠᠬᠢ ᠵᠠᠪᠠᠯ ᠬᠠᠷᠢᠭᠤᠯᠬᠤ ᠰᠡᠳᠦᠪ ᠪᠣᠯᠤᠨ᠎ᠠ᠃ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠨᠢ ᠡᠷᠡᠭᠦᠯᠵᠢᠭᠦᠯᠬᠦ ᠪᠣᠯᠪᠠᠰᠤᠷᠠᠯ ᠢ ᠥᠷᠨᠢᠭᠦᠯᠬᠦ ᠳᠡᠭᠡᠨ ᠰᠤᠷᠤᠭᠴᠢᠳ ᠢ ᠳᠠᠭᠠᠭᠤᠯᠤᠨ ᠨᠡᠶᠢᠭᠡᠮ ᠤᠨ ᠰᠤᠷᠭᠠᠨ ᠬᠥᠮᠦᠵᠢᠯ ᠤᠨ ᠲᠠᠯᠠᠪᠤᠷ ᠣᠷᠳᠣᠨ ᠢ ᠲᠣᠭᠤᠷᠢᠨ ᠦᠵᠡᠭᠦᠯᠵᠦ᠂ ᠰᠤᠳᠤᠯᠤᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠦᠨ᠂ ᠲᠡᠳᠡᠨ ᠤ ᠨᠡᠶᠢᠭᠡᠮ ᠯᠦᠭᠡ ᠶᠢᠨ ᠬᠠᠷᠢᠯᠴᠠᠬᠤ ᠬᠡᠪᠴᠢᠶ᠎ᠡ ᠶᠢ ᠥᠷᠭᠡᠳᠭᠡᠵᠦ ᠪᠣᠯᠤᠨ᠎ᠠ᠃ ᠵᠠᠷᠢᠮ ᠨᠡᠶᠢᠭᠡᠮ ᠤᠨ ᠪᠠᠶᠢᠭᠤᠯᠤᠮᠵᠢ ᠨᠢ ᠵᠠᠯᠠᠭᠤᠴᠤᠳ ᠪᠠᠭᠠᠴᠤᠳ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠳᠠᠭᠠᠨ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠤᠷᠢᠯᠭ᠎ᠠ ᠭᠠᠷᠭᠠᠵᠤ᠂ ᠣᠨᠴᠠᠭᠠᠶ ᠬᠡᠦᠬᠡᠳ ᠢ ᠰᠠᠶᠢᠲᠤᠷ ᠬᠠᠮᠠᠭᠠᠯᠠᠭᠰᠠᠨ ᠤᠷᠢᠲᠠᠯ ᠳᠣᠣᠷ᠎ᠠ ᠲᠡᠳᠡᠨ ᠢ ᠵᠣᠬᠢᠶᠠᠨ ᠪᠠᠶᠢᠭᠤᠯᠵᠤ ᠠᠵᠢᠯᠯᠠᠭ᠎ᠠ ᠳᠤ ᠣᠷᠣᠯᠴᠠᠭᠤᠯᠵᠤ ᠪᠣᠯᠤᠨ᠎ᠠ᠃ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠴᠦ ᠬᠤᠯᠪᠣᠭᠳᠠᠯ ᠪᠥᠬᠦᠶ ᠲᠦᠷᠢᠮ ᠲᠣᠭᠲᠠᠭᠠᠵᠤ᠂ ᠣᠨᠴᠠᠭᠠᠶ ᠬᠡᠤᠬᠡᠳ ᠤᠨ ᠨᠡᠶᠢᠭᠡᠮ ᠤᠨ ᠠᠵᠢᠯᠯᠠᠭ᠎ᠠ ᠳᠤ ᠣᠷᠣᠯᠴᠠᠬᠤ ᠳᠤ ᠲᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠶ᠃       ᠣᠨᠴᠠᠭᠠᠶ ᠰᠤᠷᠭᠠᠨ ᠬᠥᠮᠦᠵᠢᠯ ᠪᠣᠯ ᠰᠤᠷᠭᠠᠨ ᠬᠥᠮᠦᠵᠢᠯ ᠤᠨ ᠲᠥᠷᠥᠯ ᠵᠦᠢᠯ ᠤᠨ ᠨᠢᠭᠡ ᠮᠥᠨ᠂ ᠭᠡᠪᠡᠴᠦ ᠪᠠᠭᠤᠷᠠᠶ ᠰᠤᠷᠭᠠᠨ ᠬᠥᠮᠦᠵᠢᠯ ᠪᠢᠰᠢ᠃ ᠬᠡᠳᠦ᠋ᠪᠡᠷ ᠣᠨᠴᠠᠭᠠᠶ ᠰᠤᠷᠭᠠᠨ ᠬᠥᠮᠦᠵᠢᠯ ᠤᠨ ᠦᠢᠯᠡᠴᠢᠯᠡᠭᠦ ᠡᠳᠡᠭᠡᠳ ᠨᠢ ᠪᠡᠶ᠎ᠡ ᠮᠠᠬᠠᠪᠣᠳ ᠤᠨ ᠬᠠᠷᠰᠢ ᠰᠠᠭᠠᠳ ᠲᠠᠢ ᠰᠣᠷᠣᠭᠴᠢ ᠪᠣᠯᠬᠤ ᠪᠣᠯᠪᠠᠴᠤ ᠲᠡᠳᠡᠨ ᠳᠤ ᠪᠠᠰᠠ ᠰᠢᠯᠢᠳᠡᠭ ᠰᠤᠷᠭᠠᠨ ᠬᠥᠮᠦᠵᠢᠯ ᠵᠢᠴᠢ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠲᠠᠢ ᠪᠠᠶᠢᠳᠠᠭ᠃ ᠡᠶᠢᠮᠦ ᠠᠴᠠ ᠵᠡᠮᠳᠡᠭ ᠪᠠᠭᠠᠴᠤᠳ ᠬᠡᠤᠬᠡᠳ ᠢ ᠨᠡᠶᠢᠭᠡᠮ ᠳᠤ ᠠᠭᠤᠰᠬᠠᠵᠤ᠂ ᠣᠨᠴᠠᠭᠠᠶ ᠰᠤᠷᠭᠠᠨ ᠬᠥᠮᠦᠵᠢᠯ᠂ ᠡ᠊ᠩ ᠤᠨ ᠰᠤᠷᠭᠠᠨ ᠬᠥᠮᠦᠵᠢᠯ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠠᠭᠤᠰᠤᠯᠴᠠᠭᠤᠯᠬᠤ ᠪᠣᠯ ᠣᠨᠴᠠᠭᠠᠶ ᠰᠤᠷᠭᠠᠨ ᠬᠥᠮᠦᠵᠢᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ 
ᠢᠷᠡᠯᠲᠡ᠄ ᠤᠷᠳᠤᠰ ᠤᠨ ᠡᠳᠤᠷ ᠤᠨ ᠰᠤᠨᠢᠨ