︽ᠬᠤᠲᠠ ᠶᠢᠨ ᠠᠷᠠᠳ ᠲᠤ ᠮᠡᠳᠡᠭᠦᠯᠵᠦ᠂ ᠬᠤᠲᠠ ᠶᠢᠨ ᠠᠷᠠᠳ ᠤᠨ ᠰᠠᠨᠠᠯ ᠢ ᠰᠣᠨᠣᠰᠴᠤ᠂ ᠬᠤᠲᠠ ᠶᠢᠨ ᠠᠷᠠᠳ ᠵᠠᠷ ᠦᠨᠡᠯᠡᠭᠦᠯᠬᠦ︾ ᠠᠵᠢᠯᠯᠠᠭ᠎ᠠ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/16
        1 ᠰᠠᠷ᠎ᠠ ᠶᠢᠨ 13  ᠠᠴᠠ 14  ᠤ ᠡᠳᠤᠷ ᠪᠣᠯᠲᠠᠯ᠎ᠠ᠂ ᠤᠷᠳᠤᠰ ᠬᠤᠲᠠ ᠶᠢᠨ ᠵᠠᠰᠠᠭ ᠤᠨ ᠤᠷᠳᠣᠨ ᠤ ᠠᠵᠢᠯ ᠤᠨ ᠰᠠᠯᠠᠭ᠎ᠠ ᠮᠥᠴᠢᠷ ᠤᠨ 2024 ᠣᠨ ᠤ ︽ᠬᠤᠲᠠ ᠶᠢᠨ ᠠᠷᠠᠳ ᠲᠤ ᠮᠡᠳᠡᠭᠦᠯᠵᠦ᠂ ᠬᠤᠲᠠ ᠶᠢᠨ ᠠᠷᠠᠳ ᠤᠨ ᠰᠠᠨᠠᠯ ᠢ ᠰᠣᠨᠣᠰᠴᠤ᠂ ᠬᠤᠲᠠ ᠶᠢᠨ ᠠᠷᠠᠳ ᠢᠶᠠᠷ ᠦᠨᠡᠯᠡᠭᠦᠯᠬᠦ︾ ᠠᠵᠢᠯᠯᠠᠭ᠎ᠠ ᠶᠢᠨ ᠲᠤᠰᠢᠶᠠᠯ ᠤᠨ ᠮᠡᠳᠡᠭᠦᠯᠦᠯᠲᠠ ᠶᠢᠨ ᠬᠤᠷᠠᠯ ᠬᠤᠷᠠᠯᠳᠤᠪᠠ᠃        ᠬᠤᠷᠠᠯ ᠢ ᠭᠤᠷᠪᠠᠨ ᠳᠡᠠᠯᠠᠪᠤᠷ ᠬᠤᠪᠢᠶᠠᠨ ᠶᠠᠪᠤᠭᠳᠠᠭᠤᠯᠵᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠤᠷᠢ ᠪᠠ ᠮᠡᠳᠡᠭᠡ ᠵᠠᠩᠬᠢᠵᠢᠯᠲᠠ ᠶᠢᠨ ᠲᠣᠪᠴᠢᠶ᠎ᠠ ᠵᠡᠷᠭᠡ 30 ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠲᠤᠬᠠᠶᠢᠯᠠᠭᠰᠠᠨ ᠠᠵᠢᠯ ᠤᠨ ᠲᠤᠭᠤᠷᠢᠨ ᠳᠤ ᠨᠢᠭᠡ ᠵᠢᠯ ᠤᠨ ᠲᠤᠰᠢᠶᠠᠯ ᠤᠨ ᠮᠡᠳᠡᠭᠦᠯᠤᠯᠲᠠ ᠬᠢᠵᠦ᠂ ᠪᠥᠬᠦ ᠬᠤᠲᠠ ᠶᠢᠨ 4500 ᠬᠤᠲᠠ ᠶᠢᠨ ᠠᠷᠠᠳ ᠤᠨ ᠲᠦᠯᠥᠭᠡᠯᠡᠭᠴᠢ ᠬᠤᠷᠠᠯ ᠳᠤ ᠣᠷᠣᠯᠴᠡᠨ ᠦᠨᠡᠯᠡᠯᠲᠠ ᠬᠢᠪᠡ᠃        ᠠᠵᠢᠯᠯᠠᠭ᠎ᠠ ᠶᠢ ᠰᠢᠭᠤᠳ ᠨᠡᠪᠲᠡᠷᠡᠭᠦᠯᠭᠡ ᠪᠠ ︽ᠲᠣᠪᠴᠢᠶᠡᠨ ᠳᠠᠷᠤᠭ᠎ᠠ ᠶᠢᠨ ᠰᠤᠷᠪᠤᠯᠵᠢᠯᠠᠭ᠎ᠠ ᠶᠠᠷᠢᠯᠴᠠᠭ᠎ᠠ︾ ᠶᠢᠨ ᠬᠡᠯᠪᠡᠷᠢ ᠪᠠᠷ ᠶᠠᠪᠤᠭᠳᠠᠭᠤᠯᠵᠤ᠂ ᠥᠷᠭᠡᠨ‌ᠤᠯᠠᠨ ᠬᠤᠲᠠ ᠶᠢᠨ ᠠᠷᠠᠳ ᠤᠯᠠᠨ ᠵᠦᠢᠯ ᠤᠨ ᠠᠷᠭ᠎ᠠ ᠬᠡᠯᠪᠡᠷᠢ ᠪᠠᠷ ᠡᠯ᠎ᠡ ᠰᠠᠯᠠᠭ᠎ᠠ ᠮᠥᠴᠢᠷ ᠲᠤ ᠰᠠᠨᠠᠯ ᠢᠶᠠᠨ ᠲᠡᠪᠰᠢᠭᠦᠯᠦᠭᠰᠡᠨ ᠪᠠᠶᠢᠨ᠎ᠠ᠃  
02.jpg
01.jpg
03.png
04.png
   
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ