ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ | | | ᠥᠪᠥᠷ ᠵᠠᠰᠠᠭ ᠦᠰᠦᠭ ﹇ 2024 ﹈ 230 ᠳ᠋ᠤᠭᠠᠷ ᠲᠣᠭᠠᠲᠤ | | | ᠥᠪᠥᠷᠵᠢᠯᠠᠭ᠎ᠠ ᠴᠦᠬᠦᠷᠦᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ | ᠬᠡᠪᠴᠢᠶᠡᠨ ᠳᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠰᠢᠨ᠎ᠡ ᠪᠠᠷ ᠨᠡᠮᠡᠭᠳᠡᠭᠦᠯᠬᠦ ᠪᠠ ᠬᠥᠮᠥᠨ ᠠᠮᠠ ᠨᠡᠭᠦᠯᠭᠡᠵᠦ ᠣᠷᠣᠭᠤᠯᠬᠤ ᠶᠢ ᠴᠠᠭᠠᠵᠠᠯᠠᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ | | | | ᠬᠢᠩᠭᠠᠨ ᠠᠶᠢᠮᠠᠭ ᠤᠨ ᠵᠠᠬᠢᠷᠭ᠎ᠠ ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠳᠤ ᠄ | ᠪᠠᠶᠢᠭᠤᠯᠬᠤ ᠪᠠᠷ ᠪᠠᠶᠢᠭ᠎ᠠ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠣᠣᠷᠵᠢᠭᠤᠯᠤᠯᠲᠠ ᠶᠢᠨ ᠲᠥᠯᠥᠪᠵᠢᠭᠦᠯᠦᠨ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠤᠰᠤᠨ ᠰᠤᠷᠪᠤᠯᠵᠢ ᠶᠢᠨ ᠪᠠᠷᠢᠯᠭ᠎ᠠ ᠪᠣᠯᠣᠨ᠎ᠠ ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠳᠤ ᠭᠠᠵᠠᠷ ᠰᠢᠷᠣᠢ ᠲᠠᠲᠠᠪᠤᠷᠢᠯᠠᠬᠤ ᠪᠠ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ | ᠲᠤᠰᠠᠳᠠ ᠂ ︽ ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ | ᠲᠠᠲᠠᠪᠤᠷᠢᠯᠠᠬᠤ ᠳᠤ ᠲᠥᠯᠥᠪᠦᠷᠢ ᠥᠭᠬᠦ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ ︾ ︵ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 679 ᠳ᠋ᠦ᠋ᠭᠡᠷ | ᠲᠣᠭᠠᠲᠤ ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠨ ᠮᠡᠳᠡᠭᠳᠡᠶ᠎ᠡ ᠄ | ᠨᠢᠭᠡ ᠂ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠣᠷᠣᠨ ᠤ ᠬᠦᠷᠢᠶ᠎ᠡ ᠬᠡᠪᠴᠢᠶ᠎ᠡ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠤ ᠰᠤᠮᠤ ᠶᠢᠨ ᠪᠠᠶᠠᠨᠵᠢᠷᠦᠬᠡ ᠭᠠᠴᠠᠭ᠎ᠠ ᠂ ᠥᠪᠥᠷᠵᠢᠯᠠᠭ᠎ᠠ | ᠭᠠᠴᠠᠭ᠎ᠠ ᠳᠤ ᠬᠤᠯᠪᠣᠭᠳᠠᠵᠤ ᠂ ᠪᠣᠳᠠᠲᠠᠢ ᠬᠦᠷᠢᠶ᠎ᠡ ᠬᠡᠪᠴᠢᠶ᠎ᠡ ᠨᠢ ᠲᠤᠬᠠᠢ ᠶᠢᠨ ᠲᠠᠯᠠᠪᠤᠷ ᠲᠤ ᠪᠤᠯᠠᠭᠠᠷᠢ ᠲᠣᠭᠲᠠᠭᠠᠬᠤ ᠪᠠᠷ ᠪᠠᠷᠢᠮᠵᠢᠶ᠎ᠠ ᠪᠣᠯᠭᠠᠨ᠎ᠠ ᠃ | ᠬᠤᠶᠠᠷ ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠥᠪᠥᠷᠵᠢᠯᠠᠭ᠎ᠠ ᠴᠥᠭᠦᠷᠥᠮ ᠤᠨ | ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠬᠢᠭᠡᠳ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠡᠯ᠎ᠡ ᠵᠦᠢᠯ ᠤᠨ | ᠰᠠᠭᠤᠷᠢ ᠪᠡᠯᠡᠳᠬᠡᠮᠵᠢ ︵ ᠰᠤᠮᠤ ᠰᠢᠶᠠᠩ ᠪᠠᠯᠭᠠᠰᠤᠨ ᠤ ᠠᠵᠤ ᠠᠬᠤᠶᠢᠯᠠᠯ ᠪᠠ ᠠᠷᠠᠳ ᠤᠨ ᠬᠡᠷᠡᠭᠯᠡᠭᠡᠨ ᠤ ᠣᠷᠣᠨ ᠰᠠᠭᠤᠴᠠ ᠪᠠᠭᠲᠠᠨ᠎ᠠ ︶ ᠪᠠᠶᠢᠭᠤᠯᠬᠤ ᠶᠢ | ᠵᠥᠪᠰᠢᠶᠡᠷᠡᠵᠦ ᠪᠣᠯᠬᠤ ᠦᠭᠡᠢ ᠃ | ᠭᠤᠷᠪᠠ ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠪᠠ ᠬᠦᠢᠰᠦ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠲᠥᠷᠥᠯ ᠵᠦᠢᠯ ᠰᠢᠨ᠎ᠡ ᠪᠠᠷ ᠪᠠᠶᠢᠭᠤᠯᠬᠤ ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ | ᠪᠠᠶᠢᠭᠤᠯᠵᠤ ᠪᠣᠯᠬᠤ ᠦᠭᠡᠢ ᠂ ᠭᠡᠷ ᠪᠠᠶᠢᠰᠢᠩ ᠪᠠᠷᠢᠬᠤ ᠪᠠ ᠪᠤᠰᠤᠳ ᠪᠡᠯᠡᠳᠬᠡᠮᠵᠢ ᠪᠠᠶᠢᠭᠤᠯᠵᠤ ᠪᠣᠯᠬᠤ ᠦᠭᠡᠢ ᠂ ᠤᠤᠯ ᠭᠠᠵᠠᠷ ᠤᠨ ᠲᠦᠷᠦᠯ ᠂ ᠭᠠᠵᠠᠷ ᠤᠨ | ᠲᠥᠷᠬᠦ ᠶᠢ ᠬᠤᠪᠢᠷᠠᠭᠤᠯᠵᠤ ᠪᠣᠯᠬᠤ ᠦᠭᠡᠢ ᠂ ᠲᠠᠷᠢᠶᠠᠯᠠᠬᠤ ᠭᠠᠵᠠᠷ ᠂ ᠬᠠᠰᠢᠶ᠎ᠠ ᠬᠦᠷᠢᠶᠡᠯᠡᠩ ᠵᠠᠪᠳᠤᠨ ᠵᠠᠪᠰᠢᠵᠤ ᠬᠠᠭᠠᠯᠪᠤᠷᠢᠯᠠᠬᠤ ᠵᠢᠴᠢ ᠡᠯ᠎ᠡ ᠵᠦᠢᠯ ᠤᠨ ᠤᠯᠠᠨ | ᠨᠠᠰᠤᠲᠤ ᠠᠵᠤ ᠠᠬᠤᠢ ᠶᠢᠨ ᠲᠠᠷᠢᠮᠠᠯ ᠪᠠ ᠣᠢ ᠮᠣᠳᠣ ᠵᠠᠪᠳᠤᠨ ᠵᠠᠪᠰᠢᠵᠤ ᠵᠠᠶᠢᠯᠠᠬᠤ ᠵᠡᠷᠭᠡ ᠭᠠᠵᠠᠷ ᠰᠢᠷᠣᠢ ᠶᠢᠨ ᠬᠡᠷᠡᠭᠴᠡᠭᠡ ᠶᠢ ᠬᠤᠪᠢᠷᠠᠭᠤᠯᠬᠤ ᠪᠠ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢ ᠨᠥᠯᠥᠭᠡᠯᠡᠬᠦ ᠠᠵᠢᠯᠯᠠᠭ᠎ᠠ ᠬᠢᠵᠦ ᠪᠣᠯᠬᠤ ᠦᠭᠡᠢ ᠃ | ᠳᠥᠷᠪᠡ ᠂ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠬᠤ ᠦᠶᠡᠯᠡᠯ ᠤᠨ ᠬᠤᠭᠤᠴᠠᠭ᠎ᠠ ᠨᠡᠯᠢᠶᠡᠳ ᠤᠷᠲᠤ ᠪᠠᠶᠢᠬᠤ ᠶᠢ | ᠪᠣᠳᠣᠯᠬᠢᠯᠠᠵᠤ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠠᠴᠠ ᠪᠣᠯᠵᠤ ᠲᠤᠬᠠᠢ ᠶᠢᠨ ᠭᠠᠵᠠᠷ ᠤᠨ ᠣᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠳᠤ | ᠨᠢ ᠳᠡᠩᠳᠡᠭᠦᠦ ᠶᠡᠭᠡ ᠨᠥᠯᠥᠭᠡ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ ᠂ ᠲᠤᠬᠠᠢ ᠶᠢᠨ ᠭᠠᠵᠠᠷ ᠤᠨ ᠣᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠯᠤᠭ᠎ᠠ ᠰᠢᠭᠤᠳ ᠬᠤᠯᠪᠣᠭ᠎ᠠ ᠲᠠᠢ ᠂ ᠦᠨᠡᠨ ᠬᠦ ᠪᠦᠲᠦᠭᠡᠨ ᠪᠠᠶᠢᠭᠤᠯᠬᠤ ᠴᠢᠬᠤᠯᠠ ᠲᠠᠢ ᠲᠥᠷᠥᠯ ᠵᠦᠢᠯ ᠢ ︽ᠲᠣᠮᠣ ᠳᠤᠮᠳᠠ | ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠳᠤ ᠲᠥᠯᠥᠪᠦᠷᠢ ᠥᠭᠬᠦ | ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ ᠂ ᠬᠤᠰᠢᠭᠤᠨ ᠤ ᠱᠠᠲᠤᠨ | ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠪᠦᠲᠦᠭᠡᠨ ᠪᠠᠶᠢᠭᠤᠯᠵᠤ ᠪᠣᠯᠣᠨ᠎ᠠ ᠃ | ᠲᠠᠪᠤ ᠂ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠬᠢᠭᠡᠳ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠣᠷᠣᠨ ᠬᠡᠪᠴᠢᠶᠡᠨ ᠳᠠᠬᠢ ᠡᠷᠥᠭᠡ ᠠᠮᠠ ᠶᠢᠨ ᠬᠠᠮᠢᠶᠠᠷᠤᠯᠲᠠ ᠶᠢ ᠴᠢᠩᠭᠠᠳᠬᠠᠵᠤ ᠂ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠬᠥᠮᠥᠨ ᠠᠮᠠ ᠨᠡᠭᠦᠯᠭᠡᠨ | ᠣᠷᠤᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ ᠃ ᠲᠦᠷᠦᠭᠰᠡᠨ ᠂ ᠤᠷᠤᠭᠯᠠᠭᠰᠠᠨ ᠂ ᠴᠡᠷᠢᠭ ᠠᠴᠠ ᠬᠠᠯᠠᠭᠳᠠᠭᠰᠠᠨ ᠪᠠ ᠪᠠᠭᠤᠭᠰᠠᠨ ᠂ ᠶᠡᠭᠡ ᠰᠤᠷᠭᠠᠭᠤᠯᠢ ᠪᠠ | ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠥᠰ ᠵᠡᠷᠭᠡ | ᠨᠤᠲᠤᠭ ᠲᠤ ᠪᠠᠨ ᠪᠤᠴᠠᠭᠰᠠᠨ ᠬᠥᠮᠥᠰ ᠠᠴᠠ ᠪᠤᠰᠤᠳ ᠲᠤ ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠯ᠎ᠡ | ᠲᠦᠷᠦᠯ ᠤᠨ ᠬᠥᠮᠥᠨ ᠠᠮᠠ ᠨᠡᠭᠦᠯᠭᠡᠨ ᠣᠷᠤᠭᠤᠯᠬᠤ ᠭᠠᠷᠳᠠᠮ ᠢ ᠭᠦᠢᠴᠡᠳᠬᠡᠵᠦ ᠪᠣᠯᠬᠤ ᠦᠭᠡᠢ ᠃ | ᠵᠢᠷᠭᠤᠭ᠎ᠠ ᠂ ᠪᠠᠷᠢᠯᠭ᠎ᠠ ᠶᠢᠨ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠲᠠᠰᠢᠷᠠᠮ ᠢ ᠠᠰᠢᠭᠯᠠᠨ ᠤᠯᠠᠨ ᠲᠦᠮᠡᠨ ᠢ ᠥᠳᠥᠭᠡᠵᠦ ᠬᠡᠷᠡᠭ | ᠲᠠᠲᠠᠭᠰᠠᠨ ᠂ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠠᠵᠢᠯ ᠳᠤ ᠬᠠᠷᠰᠢ ᠰᠠᠭᠠᠳ ᠤᠴᠠᠷᠠᠭᠤᠯᠤᠭᠰᠠᠨ ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠬᠠᠷᠰᠢᠯᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠶᠢᠨ ᠬᠠᠤᠯᠢ ︾ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠥᠭᠭᠦᠨ᠎ᠡ ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃ | ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ | | | | | 2024 ᠣᠨ ᠤ 11 ᠳ᠋ᠦ᠋ᠭᠡᠷ ᠰᠠᠷ᠎ᠠ ᠶᠢᠨ 14 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶ | | | | | | |