ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠥᠲᠥᠭᠡᠨ | ᠪᠠᠶᠢᠭᠤᠯᠤᠨ᠎ᠠ | | | ᠰᠢᠠᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 19 ᠤ ᠡᠳᠦᠷ ᠤᠨ ᠮᠡᠳᠡᠭᠡ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢᠨ ᠬᠥᠲᠥᠯᠪᠦᠷᠢ ︵2024 — 2035 ᠣᠨ︶︾ ︵ᠳᠣᠷᠣᠭᠰᠢ ︽ᠬᠥᠲᠥᠯᠪᠦᠷᠢ︾ ᠭᠡᠵᠦ ᠲᠦᠬᠦᠮᠴᠢᠯᠡᠨ᠎ᠡ︶ ᠶᠢ ᠳᠠᠷᠤᠮᠠᠯᠯᠠᠨ | ᠲᠠᠷᠬᠠᠭᠠᠵᠤ᠂ 2035 ᠣᠨ ᠪᠣᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ ᠪᠦᠲᠦᠭᠡᠬᠦ ᠬᠠᠷᠠᠯᠲᠠ ᠳᠤ ᠬᠠᠨᠳᠤᠭᠤᠯᠤᠨ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠥᠲᠥᠭᠡᠨ ᠪᠠᠶᠢᠭᠤᠯᠬᠤ ᠲᠤᠬᠠᠶ ᠪᠥᠬᠦ ᠲᠠᠯ᠎ᠠ ᠶᠢᠨ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠠ᠃ | ︽ᠬᠥᠲᠥᠯᠪᠦᠷᠢ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ | ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠳᠠᠯᠠᠵᠤ᠂ | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠰᠤᠷᠭᠠᠨ | ᠬᠥᠮᠦᠵᠢᠯ ᠤᠨ ᠤᠯᠤᠰ ᠲᠥᠷᠥ ᠶᠢᠨ ᠰᠢᠨᠵᠢ ᠴᠢᠨᠠᠷ᠂ ᠠᠷᠠᠤᠨᠴᠢ ᠰᠢᠨᠵᠢ ᠴᠢᠨᠠᠷ᠂ ᠪᠠᠶᠢᠯᠳᠤᠬᠤ ᠪᠤᠳᠤᠯᠭ᠎ᠠ ᠶᠢᠨ ᠰᠢᠨᠵᠢ ᠴᠢᠨᠠᠷ ᠢ ᠪᠦᠬᠦ ᠲᠠᠯ᠎ᠠ ᠪᠠᠷ ᠡᠵᠡᠮᠳᠡᠵᠦ᠂ | ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠠᠮ ᠤᠨ ᠲᠥᠯᠥᠭᠡ ᠬᠥᠮᠦᠨ ᠢ ᠬᠥᠮᠦᠵᠢᠭᠦᠯᠵᠦ᠂ | ᠤᠯᠤᠰ ᠤᠨ ᠲᠦᠯᠦᠭᠡ ᠴᠢᠳᠠᠪᠤᠷᠢᠲᠠᠨ ᠢ ᠬᠥᠮᠦᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠳᠤ ᠪᠦᠬᠦ | ᠲᠠᠯ᠎ᠠ ᠪᠠᠷ ᠦᠢᠯᠡᠴᠢᠯᠡᠵᠦ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦ ᠬᠠᠳᠬᠤᠨ ᠰᠤᠷᠭᠠᠨ ᠬᠥᠮᠦᠵᠢᠯ ᠡᠷᠬᠢᠯᠡᠵᠦ᠂ ᠴᠢᠨᠠᠷ ᠰᠠᠶᠢᠲᠠᠶ ᠰᠤᠷᠭᠠᠨ | ᠬᠥᠮᠦᠵᠢᠯ ᠤᠨ ᠰᠢᠰᠲ᠋ᠧᠮ ᠢ ᠲᠦᠷᠭᠡᠨ ᠪᠠᠶᠢᠭᠤᠯᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ | ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠵᠦ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠥᠷᠥ ᠶᠢᠨ | ᠬᠥᠲᠥᠯᠥᠨ ᠳᠠᠭᠠᠭᠤᠯᠬᠤ ᠬᠦᠴᠦᠨ᠂ ᠴᠢᠳᠠᠪᠤᠷᠢᠲᠠᠨ ᠤ ᠥᠷᠢᠰᠥᠯᠳᠦᠬᠦ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠬᠦᠴᠦᠨ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠬᠦᠴᠦᠨ᠂ ᠨᠡᠶᠢᠭᠡᠮ ᠤᠨ ᠬᠠᠮᠵᠢᠯᠴᠠᠬᠤ ᠬᠦᠴᠦᠨ᠂ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ ᠲᠠᠢ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ | ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ︽ᠬᠥᠲᠥᠯᠪᠦᠷᠢ︾ ᠳᠤ᠂ ᠰᠤᠷᠭᠠᠨ ᠬᠥᠮᠦᠵᠢᠯ ᠤᠨ ᠦᠢᠯᠡᠰ ᠲᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠡᠷᠬᠡ ᠲᠡᠭᠰᠢ ᠶᠢ | ᠠᠬᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠳᠣᠪᠤᠶᠢᠯᠭᠠᠵᠤ᠂ ᠪᠠᠶᠢᠯᠳᠤᠬᠤ ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠬᠥᠭᠵᠢᠯᠲᠡ ᠶᠢ ᠲᠤᠯᠭᠠᠭᠤᠷᠢᠯᠠᠬᠤ ᠶᠢ | ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠮᠵᠢᠯᠴᠠᠨ ᠠᠭᠤᠰᠤᠯᠴᠠᠬᠤ ᠶᠢ ᠭᠦᠨᠵᠡᠭᠡᠶᠢᠷᠡᠭᠦᠯᠵᠦ᠂ ᠪᠡᠶ᠎ᠡ ᠪᠠᠨ ᠳᠠᠭᠠᠭᠠᠵᠤ ᠥᠪᠡᠷ ᠢ ᠪᠠᠨ | ᠢᠲᠡᠭᠡᠬᠦ᠂ ᠬᠡᠬᠦᠳᠡᠭ ᠴᠡᠭᠡᠵᠢᠨ ᠳᠡᠭᠡᠨ ᠳᠡᠯᠡᠬᠡᠶ ᠳ᠋ᠠᠬᠢᠨ ᠢ ᠪᠠᠭᠲᠠᠭᠠᠬᠤ ᠶᠢ ᠪᠠᠷᠢᠮᠲᠠᠯᠠᠬᠤ ᠬᠡᠷᠡᠭᠲᠡᠶ᠃ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠯᠭᠠᠭᠤᠷᠢᠯᠠᠬᠤ ᠪᠠ | ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ᠂ ᠮᠡᠳᠡᠯᠭᠡ ᠶᠢᠨ ᠰᠤᠷᠤᠯᠴᠠᠯᠭ᠎ᠠ ᠪᠠ ᠪᠦᠬᠦ ᠲᠠᠯ᠎ᠠ ᠶᠢᠨ ᠬᠥᠭᠵᠢᠯᠲᠡ᠂ ᠴᠢᠳᠠᠪᠤᠷᠢᠲᠠᠨ ᠢ ᠬᠥᠮᠦᠵᠢᠭᠦᠯᠬᠦ ᠪᠠ | ᠨᠡᠶᠢᠭᠡᠮ ᠤᠨ ᠬᠡᠷᠡᠭᠴᠡᠭᠡ ᠶᠢ ᠬᠠᠩᠭᠠᠬᠤ᠂ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠪᠠ ᠠᠮᠢᠵᠢᠷᠠᠯ ᠤᠨ ᠬᠦᠴᠦᠨ ᠢ ᠬᠥᠭᠵᠢᠭᠡᠬᠦ᠂ ᠳᠤᠮᠳᠠᠳᠤ ᠤᠯᠤᠰ ᠤᠨ ᠡᠬᠡ | ᠭᠠᠵᠠᠷ ᠲᠤ ᠦᠨᠳᠦᠰᠦᠯᠡᠬᠦ ᠪᠠ ᠣᠯᠠᠨ ᠤᠯᠤᠰ ᠤᠨ ᠲᠤᠷᠰᠢᠯᠭ᠎ᠠ ᠪᠠᠷ ᠲᠣᠯᠢ ᠪᠣᠯᠭᠠᠬᠤ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠦᠨᠳᠦᠰᠦ ᠶᠢ ᠪᠠᠬᠢᠵᠢᠭᠦᠯᠦᠨ | ᠰᠦᠭ ᠰᠦᠨᠡᠰᠦ ᠶᠢ ᠱᠤᠭᠤᠬᠤ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠰᠢᠰᠲ᠋ᠧᠮ᠂ ᠲᠥᠪ ᠭᠤᠣᠯᠴᠢ ᠴᠢᠨᠠᠷ ᠰᠠᠶᠢᠲᠠᠶ ᠰᠠᠭᠤᠷᠢ ᠰᠤᠷᠭᠠᠨ | ᠬᠥᠮᠦᠵᠢᠯ ᠤᠨ ᠰᠢᠰᠲ᠋ᠧᠮ᠂ ᠥᠪᠡᠷ ᠢ ᠪᠠᠨ ᠬᠦᠴᠦᠷᠬᠡᠭᠵᠢᠭᠦᠯᠬᠦ ᠭᠠᠷᠮᠠᠭᠠᠶ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠰᠲ᠋ᠧᠮ᠂ ᠠᠵᠤ ᠦᠢᠯᠡᠰ ᠪᠠ ᠰᠤᠷᠭᠠᠨ | ᠬᠥᠮᠦᠵᠢᠯ ᠢ ᠠᠭᠤᠰᠤᠯᠴᠠᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ᠂ ᠲᠦᠭᠡᠮᠡᠯ ᠬᠦᠷᠳᠡᠬᠡᠬᠦ ᠨᠠᠰᠤᠨ ᠲᠤᠷᠰᠢ ᠶᠢᠨ ᠰᠤᠷᠭᠠᠨ | ᠬᠥᠮᠦᠵᠢᠯ ᠤᠨ ᠰᠢᠰᠲ᠋ᠧᠮ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮ᠂ ᠬᠡᠪ ᠴᠢᠨᠠᠷ | ᠰᠢᠯᠢᠳᠡᠭ ᠰᠠᠶᠢᠨ ᠪᠠᠭᠰᠢ ᠶᠢᠨ ᠡᠩᠨᠡᠭᠡᠨ ᠤ ᠰᠢᠰᠲ᠋ᠧᠮ᠂ ᠨᠡᠭᠡᠭᠡᠯᠲᠡ ᠬᠢᠵᠦ ᠬᠠᠷᠢᠯᠴᠠᠨ ᠲᠤᠯᠢᠯᠠᠬᠰᠠᠨ ᠣᠯᠠᠨ ᠤᠯᠤᠰ ᠤᠨ ᠬᠠᠮᠲᠤᠷᠠᠯᠴᠠᠭᠠᠨ ᠤ ᠰᠢᠰᠲ᠋ᠧᠮ ᠢ ᠪᠦᠬᠦ | ᠳᠠᠯ᠎ᠠ ᠪᠠᠷ ᠪᠠᠶᠢᠭᠤᠯᠵᠤ᠂ ᠶᠡᠭᠡ ᠠᠴᠠ ᠬᠦᠴᠦᠷᠬᠡᠭ ᠪᠣᠯᠬᠤ ᠰᠢᠰᠲ᠋ᠧᠮ ᠲᠠᠢ ᠳᠠᠪᠰᠢᠯᠳᠠ ᠶᠢ ᠪᠡᠶᠡᠯᠡᠭᠦᠯᠬᠦ ᠬᠡᠷᠡᠭᠳᠡᠢ ᠭᠡᠵᠦ ᠳᠤᠷᠠᠳᠪᠠ᠃ | ︽ᠬᠥᠲᠥᠯᠪᠦᠷᠢ︾ ᠳᠤ 2027 ᠣᠨ ᠪᠠ 2035 ᠣᠨ ᠪᠣᠯᠲᠠᠯᠠᠬᠢ ᠭᠤᠣᠯ ᠬᠠᠷᠠᠯᠲᠠ ᠶᠢ ᠲᠣᠳᠣᠷᠬᠠᠶᠢᠯᠠᠵᠤ᠂ 9 ᠲᠠᠯ᠎ᠠ ᠶᠢᠨ ᠭᠤᠣᠯᠳᠠᠯᠭ᠎ᠠ ᠲᠠᠢ | ᠡᠭᠦᠷᠭᠡ ᠶᠢ ᠪᠠᠶᠢᠷᠢᠯᠠᠭᠤᠯᠪᠠ᠄ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠰᠢᠨ᠎ᠡ ᠪᠠᠶᠢᠷᠢᠰᠢᠯ ᠢ ᠪᠤᠢ ᠪᠤᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠦᠨ᠎ᠡ︔ ᠰᠠᠭᠤᠷᠢ ᠰᠤᠷᠭᠠᠨ ᠬᠥᠮᠦᠵᠢᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ | ᠠᠷᠠᠳ ᠢᠷᠭᠡᠳ ᠤᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠪᠠᠬᠢᠵᠢᠭᠦᠯᠦᠨ᠎ᠡ︔ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠬᠥᠲᠥᠯᠥᠨ ᠳᠠᠭᠠᠭᠤᠯᠬᠤ ᠬᠦᠴᠦᠨ ᠢ | ᠪᠠᠶᠢᠭᠤᠯᠤᠨ᠎ᠠ︔ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠵᠤ᠂ ᠥᠨᠳᠥᠷ | ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠬᠦᠴᠦᠲᠡᠢ ᠲᠤᠯᠭᠠᠭᠤᠷᠢᠯᠠᠨ᠎ᠠ︔ ᠤᠳᠤ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠨ ᠪᠠᠶᠢᠭᠤᠯᠵᠤ᠂ ᠲᠣᠮᠣ ᠤᠯᠤᠰ ᠤᠨ ᠤᠷᠠᠨ ᠲᠠᠷᠬᠠᠨ᠂ ᠤᠷ᠎ᠡ ᠮᠡᠷᠭᠡᠵᠢᠯᠳᠦ ᠳᠠᠷᠬᠠᠨ᠂ ᠳᠡᠭᠡᠳᠦ | ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠥᠵᠢᠭᠦᠯᠦᠨ᠎ᠡ︔ ᠰᠤᠷᠤᠯᠴᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠵᠤ᠂ ᠰᠤᠷᠭᠠᠨ ᠬᠥᠮᠦᠵᠢᠯ ᠤᠨ ᠲᠣᠭᠠᠴᠢᠯᠠᠯᠲᠠ ᠪᠠᠷ | ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠣᠯᠭᠠᠨ᠎ᠠ︔ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ | ᠪᠠᠭᠰᠢ ᠶᠢᠨ ᠡᠩᠨᠡᠭᠡ ᠶᠢ ᠪᠠᠶᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠰᠠᠭᠤᠷᠢ ᠶᠢ ᠪᠠᠲᠤᠳᠬᠠᠨ᠎ᠠ︔ ᠰᠤᠷᠭᠠᠨ ᠬᠥᠮᠦᠵᠢᠯ ᠤᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠢᠵᠢᠷᠠᠯ ᠤᠨ ᠬᠦᠴᠤᠨ ᠢ ᠬᠦᠭᠵᠢᠭᠡᠨ᠎ᠡ︔ ᠰᠤᠷᠭᠠᠨ | ᠬᠥᠮᠦᠵᠢᠯ ᠤᠨ ᠭᠠᠳᠠᠭᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠶᠢ ᠲᠡᠭᠦᠯᠳᠡᠷᠵᠢᠭᠦᠯᠵᠦ᠂ ᠪᠦᠬᠦ ᠪᠥᠮᠪᠥᠷᠴᠡᠭ ᠤᠨ ᠨᠥᠯᠥᠭᠡᠯᠡᠬᠦ | ᠬᠦᠴᠦᠨ ᠪᠦᠬᠦᠢ ᠴᠢᠬᠤᠯᠠ ᠰᠤᠷᠭᠠᠨ ᠬᠥᠮᠦᠵᠢᠯ ᠤᠨ ᠲᠥᠪ ᠢ ᠪᠠᠶᠢᠭᠤᠯᠤᠨ᠎ᠠ᠃ | ︽ᠬᠥᠲᠥᠯᠪᠦᠷᠢ︾ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠡᠷᠬᠡᠪᠰᠢ ᠨᠠᠮ ᠤᠨ ᠬᠤᠷᠢᠶ᠎ᠠ ᠠᠴᠠ | ᠨᠢᠭᠡᠳᠦᠯᠲᠡᠢ ᠤᠳᠤᠷᠢᠳᠬᠤ᠂ ᠨᠠᠮ ᠵᠠᠰᠠᠭ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ | ᠭᠦᠢᠴᠡᠳᠬᠡᠬᠦ ᠰᠤᠷᠭᠠᠨ ᠬᠥᠮᠦᠵᠢᠯ ᠤᠨ ᠤᠳᠤᠷᠢᠳᠬᠤ ᠪᠠᠶᠢᠭᠤᠯᠤᠯ ᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ | ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠤᠯᠤᠰ ᠲᠦᠷᠦ ᠶᠢᠨ ᠠᠮᠤᠷ ᠲᠦᠪᠰᠢᠨ ᠬᠢᠭᠡᠳ ᠡᠶ᠎ᠡ | ᠵᠤᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠢ᠃ ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ | ᠲᠥᠯᠥᠪᠯᠡᠨ ᠵᠣᠬᠢᠴᠠᠭᠤᠯᠬᠤ᠂ ᠪᠦᠬᠦᠯᠢ ᠴᠣᠭᠴᠠ ᠪᠠᠷ ᠠᠬᠢᠭᠤᠯᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠶᠢᠳᠪᠦᠷᠢᠯᠡᠬᠦ ᠶᠢ ᠠᠬᠢᠭᠤᠯᠵᠤ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ | ᠬᠤᠷᠢᠶ᠎ᠠ ᠪᠣᠯᠣᠨ ᠵᠠᠰᠠᠭ ᠤᠨ ᠣᠷᠳᠣᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠤᠯᠤᠰ ᠲᠥᠷᠥ ᠶᠢᠨ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠡᠳᠦᠷ | ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠬᠤ ᠬᠡᠷᠡᠭᠲᠡᠢ᠃ ᠪᠦᠬᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠬᠠᠯᠠᠮᠵᠢᠯᠠᠨ | ᠳᠡᠮᠵᠢᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠭᠰᠠᠨ ᠬᠥᠮᠥᠨ ᠬᠥᠮᠥᠵᠢᠭᠦᠯᠬᠦ ᠲᠣᠭᠲᠡᠴᠡ ᠶᠢ | ᠪᠦᠷᠢᠨᠰᠢᠭᠦᠯᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ | ᠬᠡᠷᠡᠭᠲᠡᠢ ᠭᠡᠵᠤ ᠱᠠᠭᠠᠷᠳᠠᠪᠠ᠃ | | |