1 ᠳ᠋ᠦ᠋ᠭᠡᠷ ᠰᠠᠷ᠎ᠠ ᠶᠢᠨ 3 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶᠢᠨ ᠬᠤᠷᠢᠶ᠎ᠠ | ᠬᠤᠷᠠᠯ ᠬᠤᠷᠠᠯᠳᠤᠭᠤᠯᠵᠤ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠᠨ ᠤ ᠤᠯᠤᠰ ᠲᠦᠷᠦ ᠶᠢᠨ ᠲᠣᠪᠴᠢᠶᠠᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠣᠶᠢᠷ᠎ᠠ ᠶᠢᠨ | ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠦᠵᠢ ᠰᠦᠨ ᠱᠤᠤ ᠴᠧᠩ ᠲᠤᠰ | ᠬᠤᠷᠠᠯ ᠢ ᠡᠷᠭᠢᠯᠡᠪᠡ ᠃ | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠬᠤ ᠪᠠ ᠪᠠᠲᠤᠯᠠᠨ | ᠤᠷᠮᠠᠰᠢᠭᠤᠯᠬᠤ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠬᠤ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠲᠣᠳᠣᠷᠬᠠᠢ ᠱᠠᠭᠠᠷᠳᠠᠯᠭ᠎ᠠ | ᠳᠤᠷᠠᠳᠴᠠᠢ ᠃ ᠪᠦᠭᠦ ᠣᠷᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠣᠨᠴᠠᠭᠠᠢᠯᠠᠨ ᠮᠤᠵᠢ ᠶᠢᠨ ᠲᠡᠰ ᠤᠨ | ᠤᠳᠤᠷᠢᠳᠬᠤ ᠨᠥᠬᠦᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠨᠢᠮᠪᠠᠢ ᠰᠤᠷᠤᠯᠴᠠᠨ | ᠲᠤᠭᠤᠰᠢᠯᠠᠭᠤᠯᠵᠤ ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠨ ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ | ᠤᠳᠤᠷᠢᠳᠤᠭᠴᠢ ᠂ ᠬᠡᠷᠡᠭᠵᠢᠭᠦᠯᠦᠭᠴᠢ ᠂ ᠠᠬᠢᠭᠤᠯᠤᠭᠴᠢ ᠪᠤᠯᠬᠤ ᠬᠡᠷᠡᠭᠲᠡᠢ ᠃ ᠡᠷᠡᠰ ᠪᠠᠲᠤ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠵᠤ ᠪᠠᠲᠤᠵᠢᠭᠤᠯᠬᠤ ᠲᠠᠯ᠎ᠠ ᠪᠠᠷ | ᠡᠮᠦᠨ᠎ᠡ ᠨᠢ ᠬᠤᠰᠢᠭᠤᠷᠠᠵᠤ ᠂ ᠤᠯᠤᠰ ᠲᠥᠷᠥ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠭᠦ ᠶᠢ ᠲᠡᠷᠢᠭᠦᠨ ᠪᠠᠶᠢᠷᠢᠨ ᠳᠤ ᠲᠠᠯᠪᠢᠵᠤ ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ | ᠤᠬᠠᠬᠤ ᠶᠢ ᠵᠠᠪᠠᠯ ᠰᠤᠷᠬᠤ ᠨᠢᠭᠡᠳᠦᠭᠡᠷ ᠬᠢᠴᠢᠶᠡᠯ ᠪᠤᠯᠭᠠᠵᠤ ᠂ ︽ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ ᠂ ︽ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠬᠦ ᠬᠡᠷᠡᠭᠲᠡᠢ ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠲᠠᠯ᠎ᠠ ᠪᠠᠷ | ᠥᠯᠢᠭᠡᠷ ᠳᠠᠭᠤᠷᠢᠶᠠᠯ ᠪᠣᠯᠵᠤ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ ᠂ ᠳᠦᠷᠢᠮ ᠲᠣᠭᠲᠠᠭᠠᠯ ᠢ ᠵᠢᠷᠤᠮᠯᠠᠵᠤ ᠰᠠᠬᠢᠯᠭ᠎ᠠ ᠪᠠᠲᠤ ᠶᠢ | ᠰᠠᠬᠢᠭᠰᠠᠨ ᠤᠷᠢᠲᠠᠯ ᠳᠣᠣᠷ᠎ᠠ ᠵᠣᠷᠢᠭᠲᠠᠢ ᠠᠵᠢᠯᠯᠠᠵᠤ ᠂ ᠣᠷᠣᠨ ᠳᠠᠶᠠᠭᠠᠷ ᠢᠶᠠᠨ ᠰᠤᠷᠲᠠᠯ ᠴᠢᠬᠡᠴᠢ ᠣᠪᠣᠷ ᠲᠥᠪ ᠂ ᠡᠷᠡᠯᠬᠡᠭᠯᠡᠨ ᠤᠷᠤᠭᠰᠢᠯᠠᠬᠤ ᠰᠠᠶᠢᠨ ᠰᠠᠶᠢᠬᠠᠨ | ᠠᠭᠤᠷ ᠠᠮᠢᠰᠬᠤᠯ ᠢ ᠪᠦᠷᠢᠯᠳᠦᠭᠦᠯᠬᠦ ᠶᠢ ᠬᠥᠲᠥᠯᠥᠨ ᠳᠠᠭᠠᠭᠤᠯᠬᠤ ᠬᠡᠷᠡᠭᠲᠡᠢ ᠃ ᠰᠠᠬᠢᠯᠭ᠎ᠠ ᠪᠠᠲᠤ ᠶᠣᠰᠣ ᠳᠦᠷᠢᠮ ᠢ ᠬᠡᠷᠡᠭᠵᠢᠭᠦᠯᠬᠦ ᠲᠠᠯ᠎ᠠ ᠪᠠᠷ ᠴᠢᠩᠭ᠎ᠠ ᠱᠠᠭᠠᠷᠳᠠᠵᠤ ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭ᠎ᠠ ᠠᠴᠠ ᠴᠢᠩᠭ᠎ᠠ ᠠᠳᠬᠤᠵᠤ ᠂ ᠡᠯ᠎ᠡ ᠵᠦᠢᠯ ᠤᠨ ᠲᠥᠪ ᠪᠤᠰᠤ ᠰᠤᠷᠲᠠᠯ ᠪᠠ ᠢᠯᠵᠢᠷᠡᠮᠡᠯ | ᠦᠵᠡᠭᠳᠡᠯ ᠲᠠᠢ ᠡᠷᠡᠰ ᠲᠡᠮᠡᠴᠡᠬᠦ ᠬᠡᠷᠡᠭᠲᠡᠢ ᠃ ᠠᠰᠠᠭᠤᠳᠠᠯ ᠢ ᠰᠢᠢᠳᠪᠦᠷᠢᠯᠡᠬᠦ ᠳᠤᠮᠳᠠ ᠬᠥᠭᠵᠢᠯᠲᠡ ᠶᠢ ᠠᠬᠢᠭᠤᠯᠵᠤ ᠂ ᠰᠠᠨᠠᠭᠠᠴᠢᠯᠠᠭ᠎ᠠ ᠠᠴᠠ ᠪᠠᠨ ᠦᠨᠳᠦᠰᠦᠨ | ᠱᠠᠲᠤᠨ ᠳᠤ ᠭᠦᠨᠵᠡᠭᠡᠶᠢᠷᠡᠵᠦ ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ ᠂ ᠬᠤᠷᠳᠤᠴᠠ ᠪᠠᠨ ᠲᠦᠷᠭᠡᠳᠬᠡᠨ | ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠠᠵᠢᠯ ᠤᠨ ᠲᠣᠬᠢᠷᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠣᠨ ᠤ ᠴᠠᠶᠢᠯᠠᠯᠭ᠎ᠠ ᠳᠡᠭᠡᠷᠡᠬᠢ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ ᠂ ᠤᠯᠤᠰ ᠲᠥᠷᠥ ᠶᠢᠨ ᠵᠥᠪᠯᠡᠯᠭᠡᠨ ᠤ ᠬᠢᠨ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ | ᠭᠦᠢᠴᠡᠳ ᠪᠠᠳᠠᠷᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠡᠬᠦ ᠪᠦᠬᠦ | ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠤᠯᠤᠰ ᠲᠥᠷᠥ ᠶᠢᠨ ᠵᠥᠪᠯᠡᠯᠭᠡ ᠬᠢᠬᠦ ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠂ | ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠶᠢ ᠴᠢᠨᠠᠷ ᠰᠠᠶᠢᠲᠠᠢ ᠥᠷᠨᠢᠭᠦᠯᠵᠦ ᠂ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ | ᠬᠠᠮᠲᠤᠷᠠᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠳᠤ ᠬᠦᠴᠦᠨ ᠨᠡᠮᠡᠷᠢᠯᠡᠵᠦ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ | ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ 2025 | ᠣᠨ ᠤ ᠰᠢᠨ᠎ᠡ ᠣᠨ ᠤ ᠪᠠᠶᠠᠷ ᠤᠨ ᠦᠭᠡ ᠶᠢ ᠤᠯᠠᠮᠵᠢᠯᠠᠨ ᠰᠤᠷᠤᠯᠴᠠᠵᠤ ᠂ ᠡᠯ᠎ᠡ ᠱᠠᠲᠤᠨ ᠤ ᠬᠢᠨ ᠪᠠᠶᠠᠷ ᠤᠨ ᠦᠭᠡ ᠶᠢᠨ ᠵᠣᠷᠢᠭ ᠰᠠᠨᠠᠭ᠎ᠠ ᠶᠢ ᠭᠦᠨᠵᠡᠭᠡᠢ | ᠣᠶᠢᠯᠠᠭᠠᠵᠤ ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠴᠢᠩᠭᠠᠳᠬᠠᠨ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ᠰᠢᠨ᠎ᠡ ᠨᠢᠭᠡ ᠵᠢᠯ ᠳᠤ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠢ ᠨᠠᠩ | ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ᠂ ︽ᠦᠨᠡᠨ ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠤᠶ᠎ᠠ ︾ ᠭᠡᠰᠡᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ ᠂ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ ᠂ | ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠵᠤ ᠂ ᠨᠢᠭᠡᠨ ᠭᠤᠣᠯ ᠰᠢᠵᠢᠮ ᠢ ᠲᠤᠭᠤᠰᠢᠯᠠᠭᠤᠯᠤᠨ ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ︽ᠲᠠᠪᠤᠨ ᠶᠡᠭᠡ ᠡᠭᠦᠷᠭᠡ ︾ ᠶᠢ ᠭᠦᠨᠵᠡᠭᠡᠢ ᠲᠦᠯᠬᠢᠨ ᠠᠬᠢᠭᠤᠯᠵᠤ ᠂ ︽ᠵᠢᠷᠭᠤᠭᠠᠨ ᠢᠨᠵᠧᠨᠧᠷᠢᠩ ︾ ᠢ ᠵᠠᠯᠭᠠᠭ᠎ᠠ ᠪᠠᠷ | ᠬᠡᠷᠡᠭᠵᠢᠭᠦᠯᠦᠨ ᠂ ︽ᠵᠢᠷᠭᠤᠭᠠᠨ ᠠᠵᠢᠯᠯᠠᠭ᠎ᠠ ︾ ᠶᠢ ᠯᠠᠪᠳᠠᠭᠤᠨ ᠪᠠᠲᠤᠲᠠᠢ ᠥᠷᠨᠢᠭᠦᠯᠵᠦ ᠂ ᠨᠢᠭᠡ ᠨᠢᠭᠡ ᠠᠯᠬᠤᠮ ᠢᠶᠠᠷ ᠴᠥᠬᠦᠷᠡᠰᠢ ᠦᠭᠡᠢ ᠲᠡᠮᠡᠴᠡᠬᠦ ᠳᠤᠮᠳᠠ | ᠥᠪᠥᠷ ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠃ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ ᠂ | ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠂ ︽ᠴᠠᠭ ᠢᠮᠠᠭᠲᠠ ᠰᠠᠨᠠᠭ᠎ᠠ ᠠᠯᠭᠠᠰᠠᠯ ᠦᠭᠡᠢ ᠪᠠᠢᠬᠤ︾ ᠬᠠᠷᠢᠭᠤᠴᠠᠯᠭᠠᠲᠤ | ᠰᠡᠳᠬᠢᠯᠭᠡ ᠪᠠ ︽ᠭᠠᠪᠢᠶ᠎ᠠ ᠵᠢᠳᠬᠦᠯ ᠪᠦᠳᠦᠬᠦᠶᠡ ᠯᠠᠪᠲᠠᠢ ᠮᠢᠨᠤ ᠴᠢᠷᠮᠠᠢᠯᠭ᠎ᠠ ᠪᠠᠶᠢᠬᠤ ︾ ᠴᠤᠭ | ᠵᠢᠪᠬᠤᠭ᠎ᠠ ᠪᠠᠷ ᠡᠯ᠎ᠡ ᠵᠦᠢᠯ ᠤᠨ ᠠᠵᠢᠯ ᠢᠶᠠᠨ ᠠᠬᠢᠭᠤᠯᠵᠤ ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ | ᠴᠢᠬᠤᠯᠠᠴᠢᠯᠠᠪᠠ ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠣᠷᠢᠶᠠᠨ ᠤ | 2024 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠂ 2025 ᠣᠨ ᠤ | ᠬᠠᠤᠯᠢ ᠲᠣᠭᠲᠠᠭᠠᠬᠤ ᠲᠥᠯᠥᠪᠯᠡᠭᠡ ᠶᠢ ᠬᠢᠨᠠᠨ ᠵᠥᠪᠯᠡᠪᠡ ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠳᠦᠷᠢᠮ | ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ 2025 ᠣᠨ ᠤ ᠳᠦᠷᠢᠮ | ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢ ᠬᠢᠨᠠᠨ ᠵᠥᠪᠯᠡᠪᠡ ︔ ᠥᠪᠡᠷᠲᠡᠭᠡᠨ ᠵᠠᠰᠠᠬᠤ ᠣᠷᠣᠨ ᠤ 2024 ᠣᠨ ᠤ ᠤᠯᠤᠰ ᠲᠥᠷᠥ ᠶᠢᠨ | ᠵᠥᠪᠯᠡᠯᠭᠡᠨ ᠤ ᠵᠥᠪᠯᠡᠬᠦ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ 2025 ᠣᠨ ᠤ ᠤᠯᠤᠰ ᠲᠥᠷᠥ ᠶᠢᠨ | ᠵᠥᠪᠯᠡᠯᠭᠡᠨ ᠤ ᠵᠥᠪᠯᠡᠬᠦ ᠲᠥᠯᠥᠪᠯᠡᠭᠡ ᠶᠢ ᠬᠢᠨᠠᠨ ᠵᠥᠪᠯᠡᠵᠦ ᠂ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ ᠃ | ᠬᠤᠷᠠᠯ ᠠᠴᠠ᠂ ᠲᠣᠭᠤᠷᠢᠨ ᠪᠠᠶᠢᠴᠠᠭᠠᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠥᠩᠭᠡᠷᠡᠭᠰᠡᠨ ᠨᠢᠭᠡ ᠵᠢᠯ ᠤᠨ | ᠲᠣᠭᠤᠷᠢᠨ ᠪᠠᠶᠢᠴᠠᠭᠠᠯᠲᠠ ᠶᠢᠨ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ ᠂ ᠡᠯ᠎ᠡ ᠱᠠᠲᠤᠨ ᠤ ᠬᠢᠨ ᠲᠣᠭᠤᠷᠢᠨ ᠪᠠᠶᠢᠴᠠᠭᠠᠯᠲᠠ ᠶᠢᠨ | ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠪᠦᠭᠦ ᠣᠷᠣᠨ ᠤ ᠲᠣᠭᠤᠷᠢᠨ | ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠤᠯᠤᠰ ᠲᠦᠷᠦ ᠶᠢᠨ ᠲᠣᠭᠤᠷᠢᠨ | ᠪᠠᠶᠢᠴᠠᠭᠠᠬᠤ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠣᠯ ᠰᠢᠵᠢᠮ ᠪᠤᠯᠭᠠᠵᠤ ᠂ ᠠᠵᠢᠯ ᠢᠶᠠᠨ ᠦᠷᠭᠦᠯᠵᠢᠯᠡᠨ ᠬᠦᠴᠦᠯᠡᠨ ᠰᠠᠶᠢᠲᠤᠷ ᠬᠢᠵᠦ ᠂ ᠲᠣᠭᠤᠷᠢᠨ ᠪᠠᠶᠢᠴᠠᠭᠠᠯᠲᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠠᠰᠠᠭᠤᠳᠠᠯ ᠢ ᠪᠦᠭᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ ᠂ ᠴᠡᠭᠴᠡᠯᠡᠨ | ᠰᠠᠶᠢᠵᠢᠷᠠᠭᠤᠯᠬᠤ ︽ᠨᠢᠭᠡ ᠱᠤᠭᠤᠮ ︾ ᠤᠨ ᠲᠣᠭᠲᠠᠴᠠ ᠶᠢ ᠰᠠᠶᠢᠲᠤᠷ ᠬᠡᠷᠡᠭᠯᠡᠵᠦ ᠂ ᠪᠦᠭᠦ ᠲᠠᠯ᠎ᠠ ᠪᠠᠷ ᠬᠦᠴᠦ ᠪᠠᠨ ᠬᠠᠮᠲᠤᠳᠬᠠᠨ ᠴᠡᠭᠴᠡᠯᠡᠨ ᠰᠠᠶᠢᠵᠢᠷᠠᠭᠤᠯᠬᠤ ᠶᠢ | ᠠᠳᠬᠤᠬᠤ ᠶᠢ ᠠᠬᠢᠭᠤᠯᠬᠤ ᠬᠡᠷᠡᠭᠲᠡᠢ ᠃ ᠠᠰᠠᠭᠤᠳᠠᠯ ᠤᠨ ᠰᠦᠪᠡᠭᠴᠢ ᠶᠢ ᠴᠢᠩᠭ᠎ᠠ ᠨᠡᠬᠡᠮᠵᠢᠯᠡᠨ ᠪᠠᠶᠢᠴᠠᠭᠠᠵᠤ ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ | ᠬᠥᠮᠥᠨ ᠪᠠ ᠬᠡᠷᠡᠭ ᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ ᠂ ᠠᠭᠤᠴᠢᠯᠠᠵᠤ ᠤᠬᠲᠤ ᠪᠤᠯᠬᠤ ᠦᠭᠡᠢ ᠃ ᠤᠳᠤᠷᠢᠳᠬᠤ ᠪᠠᠭ ᠤᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠴᠢᠩᠭ᠎ᠠ ᠠᠩᠬᠠᠷᠴᠤ ᠂ ᠠᠵᠢᠯ ᠢᠶᠠᠨ ᠰᠠᠶᠢᠲᠤᠷ ᠥᠷᠨᠢᠭᠦᠯᠦᠭᠰᠡᠨ ᠦᠭᠡᠢ ᠂ ᠳᠣᠲᠣᠭᠠᠳᠤ ᠶᠢᠨ | ᠠᠰᠠᠭᠤᠳᠠᠯ ᠤᠯᠠᠨ ᠣᠷᠣᠰᠢᠵᠤ ᠪᠠᠶᠢᠭ᠎ᠠ ᠪᠠᠶᠢᠳᠠᠯ ᠳᠤ ᠡᠷᠡᠰ ᠲᠣᠬᠢᠷᠠᠭᠤᠯᠤᠯᠲᠠ ᠬᠢᠬᠦ ᠬᠡᠷᠡᠭᠲᠡᠢ ᠃ ᠳᠦᠷᠢᠮ ᠲᠣᠭᠲᠠᠭᠠᠯ ᠲᠣᠭᠲᠠᠭᠠᠬᠤ ᠶᠢ ᠴᠢᠬᠤᠯᠠᠴᠢᠯᠠᠵᠤ ᠂ | ᠨᠡᠶᠢᠳᠡᠮ ᠤᠨ ᠴᠢᠨᠠᠷᠲᠠᠢ ᠠᠰᠠᠭᠤᠳᠠᠯ ᠢ ᠭᠦᠨᠵᠡᠭᠡᠢ ᠵᠠᠳᠠᠯᠵᠤ ᠂ ᠪᠠᠢᠭᠤᠯᠤᠯ ᠲᠣᠭᠲᠠᠴᠠ ᠠᠴᠠ ᠭᠠᠷᠳᠠᠵᠤ ᠠᠯᠳᠠᠭ᠎ᠠ ᠭᠠᠷᠬᠤ ᠶᠢ ᠬᠤᠷᠢᠭᠯᠠᠬᠤ | ᠬᠡᠷᠡᠭᠲᠡᠢ ᠃ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢᠨ ᠵᠠᠭᠠᠭ ᠬᠢᠵᠠᠭᠠᠷ ᠢ ᠣᠨᠣᠪᠴᠢᠲᠠᠢ ᠡᠵᠡᠮᠳᠡᠵᠦ ᠂ ᠬᠠᠷᠢᠭᠤᠴᠠᠯᠭ᠎ᠠ | ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠠᠪᠤᠴᠠ ᠳᠤ ᠠᠯᠳᠠᠭ᠎ᠠ ᠭᠠᠷᠭᠠᠭᠰᠠᠨ ᠺᠠᠳ᠋ᠷ ᠤᠨ ᠪᠤᠷᠤᠭᠤ ᠶᠢ ᠠᠭᠤᠴᠢᠯᠠᠨ ᠪᠠᠭᠲᠠᠭᠠᠵᠤ ᠬᠠᠷᠢᠭᠤᠴᠠᠯᠭ᠎ᠠ ᠠᠴᠠ | ᠬᠡᠯᠲᠦᠷᠢᠭᠦᠯᠵᠦ ᠂ ᠠᠵᠢᠯ ᠬᠢᠬᠦ ᠦᠭᠡᠢ ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠵᠦ ᠂ ᠦᠵᠡᠮᠡᠭᠴᠡ ᠮᠡᠳᠡᠴᠢᠬᠡᠬᠦ ᠠᠰᠠᠭᠤᠳᠠᠯ ᠢ ᠦᠵᠡᠵᠦ ᠪᠠᠶᠢᠭᠠᠳ ᠬᠠᠶᠢᠬᠤᠷᠬᠤ | ᠦᠭᠡᠢ ᠬᠥᠮᠥᠨ ᠢ ᠴᠢᠩᠭ᠎ᠠ ᠵᠠᠯᠬᠠᠭᠠᠨ ᠴᠡᠭᠡᠷᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ ᠃ | |