ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠠᠭᠠᠨ ᠰᠠᠷ᠎ᠠ ᠠᠴᠠ ᠡᠮᠦᠨ᠎ᠡ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠪᠦᠲᠦᠴᠡ ᠶᠢ ᠲᠦᠷᠭᠡᠪᠴᠢᠯᠡᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠳᠠᠬᠢ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠭᠦᠷᠡᠰᠦ᠂ ᠲᠡᠮᠦᠷᠯᠢᠭ ᠪᠤᠯᠪᠠᠰᠤᠷᠠᠭᠤᠯᠬᠤ᠂ ᠬᠢᠮᠢ ᠶᠢᠨ ᠠᠵᠤ | ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠲᠣᠨᠣᠭᠯᠠᠯ ᠤᠨ ᠪᠡᠷᠬᠡ ᠰᠡᠳᠦᠪ ᠢ | ᠰᠢᠢᠳᠪᠦᠷᠢᠯᠡᠬᠦ ᠶᠢ ᠴᠢᠩᠭᠠᠳᠬᠠᠵᠤ᠂ ᠤᠰᠤᠲᠥ᠋ᠷᠥᠭᠴᠢ ᠡᠨᠧᠷᠭᠢ᠂ ᠡᠨᠧᠷᠭᠢ ᠬᠠᠳᠠᠭᠠᠯᠠᠬᠤ᠂ ᠣᠶᠢᠷ᠎ᠠ ᠣᠭᠲᠠᠷᠭᠤᠢ ᠶᠢᠨ ᠠᠵᠤ ᠠᠬᠤᠢ᠂ ᠬᠤᠳᠠᠯᠳᠤᠭᠠᠨ ᠤ | ᠰᠠᠨᠰᠠᠷ ᠤᠨ ᠠᠶᠠᠯᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠶᠡᠭᠡ ᠪᠠᠷ ᠪᠣᠶᠢᠵᠢᠭᠤᠯᠤᠨ ᠬᠥᠭᠵᠢᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠴᠡᠭ ᠬᠤᠷᠢᠭ᠎ᠠ ᠴᠡᠭ ᠢ ᠲᠠᠰᠤ ᠠᠷᠢᠯᠭᠠᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠳᠤ ᠲᠦᠰᠢᠭᠯᠡᠨ | ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠨᠡᠭᠡᠭᠡᠯᠲᠡ ᠬᠢᠬᠦ ᠤᠬᠠᠮᠰᠠᠷ ᠢᠶᠠᠨ ᠴᠢᠩᠭᠠᠳᠬᠠᠵᠤ᠂ ᠣᠷᠣᠨ ᠪᠦᠰᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠪᠠᠷ ᠵᠢᠯᠣᠭᠤᠳᠤᠮᠵᠢ ᠪᠤᠯᠭᠠᠵᠤ᠂ ᠪᠡᠭᠡᠵᠢᠩ ᠲᠢᠶᠠᠨᠵᠢᠨ ᠾᠧᠪᠧᠢ᠂ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ | ᠯᠦᠭᠡ ᠶᠢᠨ ᠵᠣᠯᠭᠠᠯᠴᠠᠭ᠎ᠠ ᠬᠠᠮᠲᠤᠷᠠᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠨᠡᠭᠡᠭᠡᠯᠲᠡ ᠬᠢᠵᠦ ᠬᠥᠭᠵᠢᠬᠦ ᠲᠠᠯ᠎ᠠ ᠪᠠᠷ ᠨᠡᠩ ᠶᠡᠭᠡ ᠦᠷ᠎ᠡ | ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ | ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ᠶᠢ ᠦᠷᠭᠦᠯᠵᠢᠯᠡᠨ ᠬᠦᠴᠦᠲᠡᠢ ᠳᠡᠮᠵᠢᠵᠦ᠂ ᠥᠪᠥᠷ ᠮᠣᠩᠭᠤᠯ ᠤᠨ ᠰᠣᠶᠣᠯ ᠤᠨ ᠲᠣᠮᠣ | ᠣᠷᠣᠨ ᠤ ᠳᠦᠷᠢ ᠲᠥᠷᠬᠦ ᠶᠢ ᠤᠯᠠᠮ ᠨᠢᠭᠡ ᠠᠯᠬᠤᠮ ᠱᠤᠭᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠴᠠᠭᠠᠨ ᠰᠠᠷ᠎ᠠ ᠶᠢᠨ ᠬᠤᠯᠪᠣᠭᠳᠠᠯ ᠪᠦᠬᠦᠢ ᠠᠵᠢᠯ ᠢ ᠰᠡᠳᠬᠢᠯ ᠲᠠᠯᠪᠢᠨ | ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠦᠢᠯᠡᠴᠢᠯᠡᠭᠡᠨ ᠤ | ᠪᠠᠲᠤᠯᠠᠭ᠎ᠠ᠂ ᠬᠥᠯᠥᠰᠦᠨ ᠲᠠᠷᠢᠶᠠᠴᠢᠨ ᠤ ᠴᠠᠯᠢᠩ ᠢ ᠥᠭᠬᠦ᠂ ᠦᠨ᠎ᠡ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ᠂ ᠨᠡᠶᠢᠭᠡᠮ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢ ᠦᠨᠡᠨ ᠬᠦ ᠰᠠᠶᠢᠲᠤᠷ ᠠᠳᠬᠤᠵᠤ᠂ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠨ ᠬᠠᠶᠢᠷᠠᠯᠠᠵᠤ᠂ ᠲᠣᠭᠲᠠᠭᠠᠯ ᠶᠣᠰᠣᠭᠠᠷ ᠵᠢᠵᠢᠭᠦᠷᠯᠡᠨ | ᠰᠠᠬᠢᠬᠤ ᠶᠢ ᠴᠢᠩᠭ᠎ᠠ ᠠᠳᠬᠤᠵᠤ᠂ ᠪᠦᠭᠦ ᠣᠷᠣᠨ ᠤ ᠠᠷᠠᠳ ᠲᠦᠮᠡᠨ ᠤ ᠪᠠᠶᠠᠷ ᠭᠦᠷ ᠲᠠᠢ ᠰᠢᠨᠡᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠬᠤᠯᠪᠣᠭᠳᠠᠯ ᠪᠦᠬᠦᠢ ᠮᠤᠵᠢ ᠶᠢᠨ ᠱᠠᠲᠤᠨ ᠤ ᠤᠳᠤᠷᠢᠳᠬᠤ ᠨᠥᠬᠦᠳ ᠤᠨ ᠠᠵᠢᠯ ᠲᠥᠷᠥᠯ ᠢᠶᠠᠷ ᠢᠶᠠᠨ ᠥᠭᠡᠷᠡᠴᠢᠯᠡᠯᠲᠡ ᠶᠢ ᠠᠬᠢᠭᠤᠯᠤᠭᠰᠠᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠨᠧᠷᠭᠢ ᠶᠢᠨ ᠬᠦᠷᠢᠶᠡᠨ ᠤ ᠥᠭᠡᠷᠡᠴᠢᠯᠡᠯᠲᠡ ᠳᠤ ᠰᠢᠨ᠎ᠡ ᠡᠨᠧᠷᠭᠢ ᠶᠢ ᠰᠢᠩᠭᠡᠬᠡᠨ ᠠᠪᠬᠤ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠲᠣᠭᠲᠠᠴᠠ ᠶᠢ ᠲᠡᠭᠦᠯᠳᠡᠷᠵᠢᠭᠦᠯᠬᠦ᠂ ᠪᠣᠬᠢᠷᠳᠤᠯ ᠦᠭᠡᠢ ᠴᠠᠭᠢᠯᠭᠠᠨ ᠤ ᠬᠠᠩᠭᠠᠯᠭ᠎ᠠ ᠶᠢᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ᠂ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠬᠦᠴᠦ ᠣᠷᠣᠭᠤᠯᠵᠤ᠂ | ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠡᠨᠧᠷᠭᠢ ᠡᠨᠡ ᠬᠦ ︽ᠲᠤᠯᠭᠠᠭᠤᠷᠢ︾ ᠠᠵᠤ ᠦᠢᠯᠡᠰ ᠢ ᠨᠠᠩ ᠶᠡᠭᠡ ᠨᠠᠩ ᠬᠦᠴᠦᠷᠬᠡᠭ ᠪᠤᠯᠭᠠᠬᠤ ᠬᠡᠷᠡᠭᠲᠡᠢ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠨᠢ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢ | ᠲᠡᠷᠢᠭᠦᠨ ᠪᠠᠶᠢᠷᠢᠨ ᠳᠤ ᠲᠠᠯᠪᠢᠵᠤ᠂ ᠲᠥᠪ ᠭᠤᠤᠯᠴᠢ ᠨᠡᠭᠡᠭᠡᠯᠲᠡᠲᠡᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠦᠴᠦᠯᠡᠨ ᠪᠤᠶ ᠪᠤᠯᠭᠠᠵᠤ᠂ ᠠᠷᠠᠳ ᠤᠨ | ᠠᠮᠢᠳᠤᠷᠠᠯ ᠳᠤ ᠠᠰᠢᠭᠲᠠᠢ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠵᠣᠷᠢᠭᠵᠢᠭᠤᠯᠤᠨ᠂ ︽ᠥᠪᠥᠷ ᠮᠣᠩᠭᠤᠯ︾ ᠨᠡᠷᠡᠮᠵᠢᠳᠤ ᠦᠢᠯᠡᠳᠬᠦᠨ ᠤ ᠶᠠᠰᠤ ᠴᠢᠨᠠᠷ ᠤᠨ | ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠢᠳᠡᠭᠡᠨ ᠤ ᠵᠦᠢᠯᠡᠰ᠂ ᠡᠮ ᠤᠨ ᠵᠦᠢᠯᠡᠰ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ | ᠦᠢᠯᠡᠳᠬᠦᠨ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ︾ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ | ᠃ | ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ 2024 | ᠣᠨ ᠤ ᠠᠵᠢᠯ ᠤᠨ ᠳ᠋ᠦᠩᠨᠡᠯᠲᠡ︾ ᠪᠣᠯᠣᠨ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶ᠎ᠠ ᠶᠢᠨ 2025 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ᠂ ᠡᠯ᠎ᠡ ᠱᠠᠲᠤᠨ ᠤ ᠬᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠦᠷᠭᠡᠳᠬᠡᠨ ᠠᠬᠢᠭᠤᠯᠵᠤ᠂ ᠪᠠᠶᠢᠭᠤᠯᠤᠯ | ᠲᠣᠭᠲᠠᠴᠠ ᠶᠢ ᠤᠯᠠᠮ ᠰᠢᠯᠤᠭᠤᠳᠬᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠠᠯᠳᠠ ᠬᠦᠴᠦᠨ ᠢ ᠪᠠᠳᠠᠷᠠᠭᠤᠯᠬᠤ ᠬᠡᠷᠡᠭᠲᠡᠢ᠃ | ᠥᠭᠡᠷᠡᠴᠢᠯᠡᠯᠲᠡ ᠶᠢᠨ ᠲᠥᠰᠥᠯ ᠢ ᠲᠣᠭᠲᠠᠭᠠᠬᠤ ᠳᠤ ᠪᠣᠳᠠᠲᠠᠢ ᠶᠢ ᠡᠷᠬᠢᠮᠯᠡᠨ᠂ ᠬᠡᠷᠡᠭᠵᠢᠭᠦᠯᠵᠦ ᠳᠡᠶᠢᠯᠭᠦ᠂ ᠭᠦᠢᠴᠡᠳᠬᠡᠵᠦ ᠳᠡᠶᠢᠯᠭᠦ ᠶᠢ ᠦᠨᠡᠨ ᠬᠦ ᠪᠠᠲᠤᠯᠠᠬᠤ | ᠬᠡᠷᠡᠭᠲᠡᠢ᠃ ᠥᠭᠡᠷᠡᠴᠢᠯᠡᠯᠲᠡ ᠶᠢᠨ ᠲᠥᠰᠥᠯ ᠢ ᠨᠠᠶᠢᠳᠠᠪᠤᠷᠢᠵᠢᠭᠤᠯᠬᠤ ᠳᠤ ᠱᠠᠯᠠᠪᠳᠠᠨ ᠬᠢᠵᠦ᠂ ᠡᠯ᠎ᠡ ᠵᠦᠢᠯ ᠤᠨ ᠬᠦᠴᠢᠷ ᠠᠰᠠᠭᠤᠳᠠᠯ ᠪᠣᠯᠣᠨ ᠬᠠᠷᠰᠢ ᠰᠠᠭᠠᠳ ᠢ | ᠲᠥᠪᠯᠡᠷᠡᠭᠦᠯᠦᠨ ᠬᠦᠴᠦᠯᠡᠨ ᠰᠢᠪᠲᠤᠯᠵᠤ᠂ ᠵᠣᠷᠢᠯᠭ᠎ᠠ ᠳᠠᠭᠠᠨ ᠬᠦᠷᠬᠦ ᠠᠴᠠ ᠨᠠᠰᠢ ᠵᠣᠭᠰᠣᠵᠤ ᠪᠤᠯᠬᠤ ᠦᠭᠡᠢ᠃ ᠥᠭᠡᠷᠡᠴᠢᠯᠡᠯᠲᠡ ᠶᠢ ᠱᠠᠯᠠᠪᠳᠠᠭᠤᠯᠤᠨ | ᠪᠠᠶᠢᠴᠠᠭᠠᠬᠤ ᠳᠤ ᠠᠶᠢᠵᠠᠮ ᠢ ᠰᠠᠶᠢᠲᠤᠷ ᠡᠵᠡᠮᠳᠡᠵᠦ᠂ ᠠᠯᠢᠪᠠ ᠪᠦᠭᠦᠨ ᠳᠤ ᠪᠣᠳᠠᠲᠠᠢ ᠦᠷ᠎ᠡ ᠪᠦᠲᠦᠮᠵᠢ ᠠᠴᠠ ᠡᠭᠦᠰᠴᠦ᠂ ᠦᠷ᠎ᠡ ᠳ᠋ᠦᠩ ᠢ ᠢᠯᠡᠭᠦᠦ ᠠᠩᠬᠠᠷᠴᠤ᠂ | ᠶᠠᠪᠤᠴᠠ ᠶᠢ ᠳᠤᠲᠠᠭᠤ ᠦᠵᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ︽ᠭᠤᠣᠯᠳᠠᠯᠭ᠎ᠠ ᠲᠠᠢ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠵᠢᠯᠤᠭᠤᠳᠬᠤ ᠰᠠᠨᠠᠯ | ︾ ᠢ ᠬᠢᠨᠠᠨ ᠵᠥᠪᠯᠡᠵᠡᠢ᠃ | | | |