ᠠᠳᠠᠯ ᠠᠬᠤᠶ ᠶᠢᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠠᠵᠢᠯ ᠡᠷᠢᠭᠰᠡᠳ ᠤᠨ | ᠤᠷᠤᠭᠰᠢᠲᠠᠶ ᠠᠵᠢᠯ ᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 3 ᠰᠠᠷ᠎ᠠ ᠶᠢᠨ 4 ᠤ ᠡᠳᠦᠷ᠂ 2025 ᠣᠨ ᠤ ︽ᠤᠷᠢᠬᠠᠨ ᠰᠠᠯᠬᠢ ᠠᠵᠢᠯ ᠤᠨ ᠪᠠᠶᠢᠷᠢ | ᠬᠦᠷᠭᠡᠵᠦ᠂ ᠠᠳᠠᠯ ᠠᠬᠤᠶ ᠶᠢᠨ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠬᠦ︾ ᠦᠢᠯᠡᠴᠢᠯᠡᠭᠡᠨ ᠤ ᠠᠵᠢᠯ ᠲᠥᠷᠥᠯ ᠤᠨ ᠰᠢᠷᠢᠰ ︵ᠠᠳᠠᠯ ᠠᠬᠤᠶ ᠶᠢᠨ | ᠠᠵᠢᠯ ᠤᠨ ᠪᠠᠶᠢᠷᠢ︶ ᠤᠨ ᠲᠤᠰᠬᠠᠶ ᠠᠵᠢᠯᠲᠠᠨ ᠡᠯᠰᠡᠬᠦ ᠬᠤᠷᠠᠯ ᠬᠢᠶ᠎ᠠ ᠪᠠᠭᠰᠢ ᠲᠣᠭᠤᠷᠢᠭ ᠤᠨ ᠬᠤᠶᠢᠲᠤ ᠲᠣᠭᠤᠷᠢᠭ ᠤᠨ ᠠᠷᠠᠳ ᠣᠯᠠᠨ ᠤ ᠶᠡᠭᠡ ᠲᠠᠶᠢᠰᠠᠨ ᠳᠤ | ᠶᠠᠪᠤᠭᠳᠠᠪᠠ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠳᠤ 25 ᠪᠠᠭᠤᠳᠠᠯ᠂ ᠬᠤᠳᠠᠯᠳᠤᠭᠠᠨ ᠤ ᠬᠡᠲᠦ ᠳᠡᠯᠭᠡᠭᠦᠷ | ᠵᠡᠷᠭᠡ ᠠᠵᠤ ᠠᠬᠤᠶᠢᠯᠠᠯ ᠲᠤᠬᠠᠶ ᠶᠢᠨ ᠲᠠᠯᠠᠪᠤᠷ ᠲᠤ ᠠᠵᠢᠯᠲᠠᠨ ᠡᠯᠰᠡᠵᠦ᠂ ᠠᠷᠢᠭᠤᠨ ᠴᠡᠪᠡᠷ᠂ ᠠᠮᠤᠷ ᠢ ᠬᠠᠮᠠᠭᠠᠯᠠᠬᠤ ᠵᠡᠷᠭᠡ ᠣᠯᠠᠨ ᠠᠵᠢᠯ ᠤᠨ ᠪᠠᠶᠢᠷᠢ ᠪᠠᠶᠢᠨ᠎ᠠ᠃ | | ᠡᠭᠦᠨ ᠠᠴᠠ ᠭᠠᠳᠠᠨ᠎ᠠ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠪᠠᠰᠠ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠶᠢᠨ ᠲᠤᠰᠬᠠᠶ ᠪᠣᠯᠣᠩ ᠪᠠ | ᠰᠢᠭᠤᠳ ᠨᠡᠪᠲᠡᠷᠡᠭᠦᠯᠭᠡ ᠶᠢᠨ ᠠᠵᠢᠯ ᠤᠨ ᠪᠠᠶᠢᠷᠢ ᠳᠠᠭᠠᠭᠤᠯᠬᠤ ᠲᠤᠰᠬᠠᠶ ᠪᠣᠯᠣᠩ ᠭᠠᠷᠭᠠᠨ᠂ ᠰᠦᠯᠵᠢᠶᠡᠨ ᠳᠡᠭᠡᠷ᠎ᠡ ᠠᠵᠢᠯ ᠡᠷᠢᠭᠰᠡᠳ ᠤᠨ ᠴᠠᠯᠢᠩ ᠬᠥᠯᠥᠰᠥ᠂ | ᠨᠡᠶᠢᠭᠡᠮ ᠤᠨ ᠪᠠᠲᠤᠯᠠᠭ᠎ᠠ᠂ ᠠᠵᠢᠯ ᠤᠨ ᠬᠠᠶᠢᠭ ᠵᠡᠷᠭᠡ ᠠᠰᠠᠭᠤᠳᠠᠯ ᠳᠤ ᠬᠠᠷᠢᠭᠤᠯᠲᠠ ᠥᠭᠪᠡ᠃ | ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ | ᠪᠠ ᠬᠢᠶ᠎ᠠ ᠪᠠᠭᠰᠢ ᠵᠡᠭᠡᠯᠢ ᠭᠤᠳᠤᠮᠵᠢ ᠬᠠᠮᠲᠤᠷᠠᠨ ᠡᠷᠭᠢᠯᠡᠵᠦ᠂ ᠠᠵᠢᠯ ᠡᠷᠢᠭᠰᠡᠳ ᠬᠢᠭᠡᠳ ᠠᠵᠤ ᠠᠬᠤᠶᠢᠯᠠᠯ ᠤᠨ ᠰᠣᠯᠢᠯᠴᠠᠭᠠᠨ ᠤ ᠲᠠᠪᠴᠠᠩ ᠢ ᠪᠠᠶᠢᠭᠤᠯᠬᠤ ᠪᠠᠷ | ᠳᠠᠮᠵᠢᠭᠤᠯᠤᠨ᠂ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠶᠢ ᠬᠤᠯᠪᠣᠵᠤ᠂ ᠴᠢᠨᠠᠷ ᠰᠠᠶᠢᠲᠠᠶ ᠠᠵᠢᠯ ᠤᠨ ᠪᠠᠶᠢᠷᠢ ᠶᠢᠨ ᠡᠬᠢ ᠪᠠᠶᠠᠯᠢᠭ ᠢ ᠬᠤᠷᠠᠮᠳᠣᠭᠤᠯᠪᠠ᠃ | | | | | | | | | | | | | | | | | | | | | | | | | |