4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠶᠡᠷᠦᠩᠬᠡᠢ ᠱᠦᠵᠢ | ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠣᠶᠢᠯᠠᠭᠠᠬᠤ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ | ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠰᠤᠷᠤᠯᠴᠠᠯᠭ᠎ᠠ ᠳᠡᠭᠡᠷ᠎ᠡ᠂ ᠲᠥᠪ ᠤᠨ ᠨᠠᠮ ᠤᠨ ᠲᠡᠦᠬᠡ ᠰᠤᠳᠤᠯᠬᠤ ᠲᠠᠰᠤᠭ ᠤᠨ ᠤᠤᠯ ᠤᠨ ᠳᠡᠳ᠋ ᠡᠷᠭᠢᠯᠡᠭᠴᠢ ᠹᠧᠩ ᠵᠢᠶᠦ᠋ᠨ ᠤᠷᠢᠯᠭ᠎ᠠ ᠪᠠᠷ ᠲᠤᠰᠬᠠᠢ | ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃ ᠸᠠᠩ ᠯᠢ ᠰᠢᠶᠠ᠂ ᠯᠢᠦ ᠱᠤᠸᠠᠩ᠂ ᠪᠦᠦ ᠭᠠᠩ᠂ ᠯᠢ ᠢᠦᠢ ᠭᠠᠩ᠂ ᠬᠦᠦᠳᠠᠭᠤᠯᠠ᠂ ᠪᠦᠦ ᠰᠢᠶᠠᠨ ᠬᠤᠸᠠ ᠦᠭᠡ | ᠬᠡᠯᠡᠪᠡ᠃ | ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ | ᠥᠭᠦᠯᠡᠯᠲᠡ ᠶᠢᠨ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ ᠭᠦᠨᠵᠡᠭᠡᠢ ᠶᠤᠮ᠂ ᠪᠢᠳᠡ ᠨᠡᠪᠲᠡᠷᠬᠡᠢ ᠤᠩᠰᠢᠵᠤ ᠨᠠᠷᠢᠯᠢᠭ ᠤᠩᠰᠢᠵᠤ ᠰᠤᠳᠤᠯᠤᠨ | ᠤᠩᠰᠢᠵᠤ᠂ ᠪᠠᠶᠢᠩᠭᠤ ᠰᠤᠷᠤᠯᠴᠠᠵᠤ ᠪᠠᠶᠢᠩᠭᠤ ᠰᠡᠳᠬᠢᠵᠦ ᠪᠠᠶᠢᠩᠭᠤ ᠣᠶᠢᠯᠠᠭᠠᠵᠤ᠂ ᠲᠡᠭᠦᠨ ᠤ ᠳᠣᠲᠣᠷᠠᠬᠢ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠪᠣᠯᠣᠨ ᠡᠷᠡᠰ | ᠪᠠᠲᠤ ᠵᠣᠷᠢᠭ ᠢ ᠭᠦᠨᠵᠡᠭᠡᠢ ᠣᠶᠢᠯᠠᠭᠠᠵᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ | ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠣᠶᠢᠷ᠎ᠠ ᠶᠢᠨ ᠬᠡᠳᠦᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠰᠤᠷᠲᠠᠯ ᠤᠨ ᠪᠠᠶᠢᠭᠤᠯᠤᠯᠲᠠ ᠶᠢᠨ ᠬᠠᠮ ᠠᠷᠭ᠎ᠠ ᠬᠡᠮᠵᠢᠶ᠎ᠡ ᠶᠢ ᠠᠪᠴᠤ᠂ ᠪᠦᠭᠦ ᠣᠷᠣᠨ ᠤ ᠨᠠᠮ ᠤᠨ ᠭᠡᠰᠢᠭᠦᠨ | ᠺᠠᠳ᠋ᠷᠴᠤᠳ ᠤᠨ ᠰᠤᠷᠲᠠᠯ ᠢᠯᠡᠳᠲᠡ ᠰᠠᠶᠢᠵᠢᠷᠠᠵᠤ᠂ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠢᠯᠡᠷᠬᠡᠢ ᠳᠡᠭᠡᠭᠰᠢᠯᠡᠭᠰᠡᠨ ᠪᠤᠯᠪᠠᠴᠤ ︽ᠳᠥᠷᠪᠡᠨ ᠰᠤᠷᠲᠠᠯ︾ | ᠤᠨ ᠠᠰᠠᠭᠤᠳᠠᠯ ᠲᠠᠯᠳᠠ ᠪᠠᠷ ᠣᠨᠳᠣᠣᠰᠢᠵᠤ᠂ ᠶᠠᠩᠵᠤ ᠭᠡᠯᠪᠡᠷᠢ ᠨᠢ ᠰᠢᠨᠡᠳᠴᠦ᠂ ᠳᠠᠭᠢᠨ ᠰᠡᠷᠭᠦᠬᠦ ᠳᠠᠯᠳᠠ ᠭᠡᠮ ᠮᠥᠨ ᠬᠦ ᠪᠠᠭ᠎ᠠ ᠪᠤᠰᠤ ᠣᠷᠣᠰᠢᠵᠤ᠂ ᠰᠤᠷᠲᠠᠯ ᠢ | ᠬᠤᠪᠢᠷᠠᠭᠤᠯᠬᠤ᠂ ᠰᠢᠨ᠎ᠡ ᠰᠤᠷᠲᠠᠯ ᠢ ᠪᠤᠶ ᠪᠤᠯᠭᠠᠬᠤ ᠡᠭᠦᠷᠭᠡ ᠪᠠᠰᠠ ᠮᠠᠰᠢ ᠬᠠᠲᠠᠭᠤ ᠪᠡᠷᠬᠡ ᠪᠠᠶᠢᠨ᠎ᠠ᠃ ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ | ᠭᠡᠬᠦ ᠰᠡᠷᠭᠡᠭ ᠲᠠᠨᠢᠯᠲᠠ ᠶᠢ ᠢᠮᠠᠭᠲᠠ ᠪᠠᠲᠤᠯᠠᠵᠤ᠂ ᠰᠤᠷᠲᠠᠯ ᠤᠨ ᠠᠷᠬᠠᠭ ᠭᠡᠮ ᠳᠤ ᠴᠥᠬᠦᠷᠡᠰᠢ ᠦᠭᠡᠢ ᠮᠡᠰᠡ ᠵᠠᠰᠠᠯ ᠬᠢᠬᠦ ᠬᠡᠷᠡᠭᠲᠡᠢ᠃ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠬᠤ ᠶᠢ ᠲᠣᠭᠤᠷᠢᠨ ᠪᠠᠶᠢᠴᠠᠭᠠᠯᠲᠠ ᠶᠢᠨ ᠬᠢᠨᠠᠯᠲᠠ ᠶᠢ ᠬᠦᠯᠢᠶᠡᠬᠦ ᠲᠠᠢ | ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ ᠰᠤᠷᠤᠯᠴᠠᠵᠤ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠳᠤ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠮᠥᠷᠲᠡᠭᠡᠨ ᠲᠥᠪ ᠤᠨ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠢ ᠴᠠᠭ ᠲᠤᠬᠠᠢ ᠳᠤᠨᠢ ᠣᠨᠣᠪᠴᠢᠲᠠᠢ ᠨᠠᠶᠢᠳᠠᠪᠤᠷᠢᠵᠢᠭᠤᠯᠵᠤ᠂ ︽1 + 1﹀2︾ ᠶᠢᠨ ᠦᠷ᠎ᠡ | ᠪᠦᠲᠦᠮᠵᠢ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠳᠦᠷᠢᠮ ᠲᠣᠭᠲᠠᠭᠠᠯ ᠲᠣᠭᠲᠠᠭᠠᠵᠤ ᠰᠠᠬᠢᠯᠭ᠎ᠠ ᠪᠠᠲᠤ ᠬᠡᠷᠡᠭᠵᠢᠭᠦᠯᠬᠦ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠠᠭ᠎ᠠ ᠭᠠᠷᠭᠠᠬᠤ ᠶᠢ ᠵᠣᠷᠢᠭᠵᠢᠭᠤᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠳᠦᠷᠢᠮ ᠲᠣᠭᠲᠠᠭᠠᠯ ᠲᠣᠭᠲᠠᠭᠠᠬᠤ ᠳᠠᠭᠠᠨ ᠪᠣᠳᠠᠲᠠᠢ ᠠᠰᠠᠭᠤᠳᠠᠯ ᠢ | ᠪᠣᠳᠠᠲᠠᠢ ᠵᠠᠳᠠᠯᠵᠤ᠂ ︽ᠨᠢᠭᠡ ᠲᠦᠯᠬᠢᠭᠦᠷ ᠢᠶᠠᠷ ᠨᠢᠭᠡ ᠣᠨᠢᠰᠤ ᠶᠢ ᠨᠡᠭᠡᠭᠡᠬᠦ︾ ᠶᠢ ᠴᠢᠷᠮᠠᠶᠢᠨ ᠪᠡᠶᠡᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠳᠤ | ᠦᠷᠳᠡᠭ ᠤᠨ ᠤᠳᠤᠷᠢᠳᠤᠮᠵᠢ ᠶᠢ ᠵᠠᠯᠠᠷᠠᠭᠤᠯᠬᠤ᠂ ᠶᠠᠪᠤᠴᠠ ᠶᠢᠨ ᠭᠠᠷ ᠳᠦᠷᠦᠯᠲᠡ ᠶᠢ ᠪᠠᠭᠠᠰᠬᠠᠬᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ | ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠠᠯᠳᠠ ᠢᠳᠡᠪᠬᠢᠵᠢᠯ ᠢ | ᠲᠠᠶᠢᠴᠢᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠵᠣᠷᠢᠭᠲᠠᠢ ᠪᠠᠷ᠂ ᠦᠨᠡᠨ ᠪᠣᠳᠠᠲᠠᠢ ᠪᠠᠷ ᠠᠵᠢᠯᠯᠠᠬᠤ ᠪᠤᠯᠭᠠᠵᠤ᠂ ᠰᠤᠷᠲᠠᠯ ᠢ | ᠠᠳᠬᠤᠨ ᠠᠵᠢᠯ ᠢ ᠠᠬᠢᠭᠤᠯᠬᠤ᠂ ᠠᠵᠢᠯ ᠢ ᠠᠳᠬᠤᠨ ᠰᠤᠷᠲᠠᠯ ᠢ ᠴᠢᠩᠭᠠᠳᠬᠠᠬᠤ ᠰᠠᠶᠢᠨ ᠣᠷᠴᠢᠯ ᠢ ᠤᠯᠠᠮ ᠨᠢᠭᠡ ᠠᠯᠬᠤᠮ ᠪᠦᠷᠢᠯᠳᠦᠭᠦᠯᠬᠦ ᠬᠡᠷᠡᠭᠲᠡᠢ ᠭᠡᠵᠦ | ᠬᠡᠯᠡᠪᠡ᠃ | |