| ᠪᠦᠭᠦ ᠣᠷᠣᠨ ᠤ ᠦᠨᠳᠦᠰᠦᠲᠡᠨ ᠨᠦᠭᠦᠳ ᠤᠨ ᠬᠥᠳᠡᠯᠮᠦᠷᠢᠴᠢᠨ ᠨᠠᠶᠢᠵᠠ ᠨᠠᠷ ᠠ᠋᠄ | ︽5 • 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠠᠴᠠ ᠪᠦᠭᠦ ᠣᠷᠣᠨ ᠤ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠵᠤ᠂ | ᠪᠦᠭᠦ ᠣᠷᠣᠨ ᠤ ᠦᠨᠳᠦᠰᠦᠲᠡᠨ ᠨᠦᠭᠦᠳ ᠤᠨ ᠬᠥᠳᠡᠯᠮᠦᠷᠢᠴᠢᠳ ᠢ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠪᠡ᠃ ᠣᠳᠣᠬᠠᠨ ᠳᠤ᠂ ᠮᠠᠨ ᠤ | ᠣᠷᠣᠨ ᠶᠠᠭ ︽ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︿ᠲᠠᠪᠤᠨ ᠶᠡᠭᠡ ᠡᠭᠦᠷᠭᠡ﹀ ᠶᠢ ᠪᠡᠶᠡᠯᠡᠭᠦᠯᠵᠦ᠂ ︿ᠵᠢᠷᠭᠤᠭᠠᠨ | ᠢᠨᠵᠧᠨᠧᠷᠢᠩ﹀ ᠢ ᠬᠡᠷᠡᠭᠵᠢᠭᠦᠯᠵᠦ᠂ ︿ᠵᠢᠷᠭᠤᠭᠠᠨ ᠠᠵᠢᠯᠯᠠᠭ᠎ᠠ﹀ ᠥᠷᠨᠢᠭᠦᠯᠬᠦ︾ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠪᠦᠭᠦ ᠣᠷᠣᠨ ᠤ | ᠦᠨᠳᠦᠰᠦᠲᠡᠨ ᠨᠦᠭᠦᠳ ᠤᠨ ᠬᠥᠳᠡᠯᠮᠦᠷᠢᠴᠢᠳ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ︾ ᠤ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠵᠤ᠂ ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠱᠠᠭᠠᠷᠳᠠᠵᠤ ᠪᠠᠶᠢᠨ᠎ᠠ᠃ ᠠᠳᠡ ᠳᠣᠣᠷᠠᠬᠢ ᠮᠡᠲᠦ ᠰᠠᠨᠠᠭᠠᠴᠢᠯᠠᠭ᠎ᠠ ᠶᠢ ᠳᠤᠷᠠᠳᠤᠶ᠎ᠠ᠄ | ᠨᠢᠭᠡ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠦᠢᠯᠡᠳᠦᠯᠭᠡᠵᠢᠭᠦᠯᠦᠭᠴᠢ ᠪᠤᠯᠬᠤ ᠪᠠᠷ ᠴᠢᠷᠮᠠᠶᠢᠶ᠎ᠠ᠃ ᠪᠢᠳᠡ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠵᠤ᠂ ᠶᠡᠷᠦᠩᠬᠡᠢ ᠱᠦᠵᠢ | ᠰᠢ ᠶᠢᠨ ᠫᠢᠩ ᠤᠨ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠶ᠎ᠡ᠃ | ᠬᠤᠶᠠᠷ᠂ ᠰᠣᠶᠣᠯ ᠤᠨ ᠬᠦᠴᠦᠨ ᠢ ᠦᠷᠭᠦᠯᠵᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠬᠠᠮᠠᠭᠠᠯᠠᠭᠴᠢ ᠪᠤᠯᠬᠤ ᠪᠠᠷ ᠴᠢᠷᠮᠠᠶᠢᠶ᠎ᠠ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠴᠣᠭᠴᠠᠯᠠᠵᠤ᠂ | ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ︽ᠵᠢᠷᠭᠤᠭᠠᠨ ᠦᠭᠡ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ | ︽ᠲᠤᠯᠤᠭᠠᠨ ᠵᠢᠱᠢᠶᠡᠴᠢ ᠪᠤᠯᠬᠤ︾ ᠲᠠᠯ᠎ᠠ ᠪᠠᠷ ᠡᠷᠡᠯᠬᠡᠭᠯᠡᠨ ᠲᠡᠮᠡᠴᠡᠵᠦ᠂ ᠴᠤᠭ ᠵᠢᠪᠬᠤᠭ᠎ᠠ ᠪᠠᠨ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ | ᠪᠦᠯᠬᠦᠮᠳᠡᠯ᠂ ᠨᠡᠶᠢᠭᠡᠮ ᠤᠨ ᠲᠣᠭᠲᠠᠭᠤᠨ ᠪᠠ ᠤᠯᠤᠰ ᠤᠨ ᠠᠮᠤᠷ ᠲᠦᠪᠰᠢᠨ ᠢ ᠬᠠᠮᠠᠭᠠᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ | ᠠᠯᠳᠠᠷ ᠢ ᠰᠠᠶᠢᠲᠤᠷ ᠬᠠᠮᠠᠭᠠᠯᠠᠶ᠎ᠠ᠃ | ᠭᠤᠷᠪᠠ᠂ ᠬᠦᠴᠦᠯᠡᠨ ᠴᠢᠷᠮᠠᠶᠢᠵᠤ ᠪᠣᠳᠠᠲᠠᠢ ᠠᠵᠢᠯᠯᠠᠨ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠭᠤᠣᠯ ᠬᠦᠴᠦᠨ ᠴᠡᠷᠢᠭ ᠪᠤᠯᠬᠤ ᠪᠠᠷ ᠴᠢᠷᠮᠠᠶᠢᠶ᠎ᠠ᠃ ᠪᠢᠳᠡ ᠠᠵᠢᠯᠴᠢᠨ ᠠᠩᠭᠢ ᠶᠢᠨ ᠲᠡᠷᠢᠭᠦᠨ ᠤ ᠵᠠᠩ ᠰᠤᠷᠲᠠᠯ | ᠪᠣᠯᠣᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ | ᠲᠡᠶᠢᠨ ᠤ ᠲᠠᠯᠠᠪᠤᠷ ᠲᠤ ᠡᠷᠡᠯᠬᠡᠭᠯᠡᠨ ᠲᠡᠮᠡᠴᠡᠵᠦ᠂ ᠲᠡᠷᠢᠭᠦᠨ ᠤ ᠬᠢ ᠪᠤᠯᠬᠤ ᠪᠠᠷ ᠴᠢᠷᠮᠠᠶᠢᠵᠤ᠂ ᠠᠵᠢᠯᠴᠢᠨ ᠠᠩᠭᠢ ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ | ᠡᠭᠦᠳᠦᠶ᠎ᠡ᠃ | ᠳᠥᠷᠪᠡ᠂ ᠡᠭᠦᠷᠭᠡ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠮᠡᠳᠡᠯᠭᠡ ᠶᠢᠨ ᠭᠡᠯᠪᠡᠷᠢ ᠶᠢᠨ᠂ ᠮᠡᠷᠭᠡᠵᠢᠯ ᠤᠨ ᠭᠡᠯᠪᠡᠷᠢ ᠶᠢᠨ᠂ ᠰᠢᠨ᠎ᠡ ᠶᠢ ᠡᠭᠦᠳᠬᠦ ᠭᠡᠯᠪᠡᠷᠢ ᠶᠢᠨ | ᠬᠥᠳᠡᠯᠮᠦᠷᠢᠴᠢᠨ ᠪᠤᠯᠬᠤ ᠪᠠᠷ ᠴᠢᠷᠮᠠᠶᠢᠶ᠎ᠠ᠃ ᠪᠢᠳᠡ ᠭᠠᠪᠰᠢᠭᠠᠶᠢᠯᠠᠬᠤ ᠵᠣᠷᠢᠭ᠂ ᠰᠤᠳᠤᠯᠬᠤ ᠵᠣᠷᠢᠭ᠂ ᠲᠡᠮᠡᠴᠡᠬᠦ ᠵᠣᠷᠢᠭ ᠢᠶᠠᠨ ᠢᠮᠠᠭᠲᠠ ᠪᠠᠷᠢᠮᠲᠠᠯᠠᠵᠤ᠂ ᠰᠢᠨ᠎ᠡ | ᠮᠡᠳᠡᠯᠭᠡ ᠶᠢ ᠲᠠᠰᠤᠷᠠᠯᠲᠠ ᠦᠭᠡᠢ ᠰᠤᠷᠤᠯᠴᠠᠵᠤ᠂ ᠰᠢᠨ᠎ᠡ ᠤᠷ᠎ᠠ ᠴᠢᠳᠠᠪᠤᠷᠢ ᠶᠢ ᠡᠵᠡᠮᠰᠢᠵᠦ᠂ ᠰᠢᠨ᠎ᠡ ᠡᠷᠳᠡᠮ ᠴᠢᠳᠠᠪᠤᠷᠢ ᠶᠢ ᠨᠡᠮᠡᠭᠳᠡᠭᠦᠯᠵᠦ᠂ ᠬᠦᠰᠡᠯᠡᠩ ᠲᠠᠢ ᠢᠲᠡᠭᠡᠯ | ᠪᠢᠰᠢᠷᠡᠯ ᠲᠠᠢ᠂ ᠮᠡᠷᠭᠡᠵᠢᠯ ᠲᠠᠢ ᠰᠢᠨ᠎ᠡ ᠶᠢ ᠡᠭᠦᠳᠴᠦ ᠴᠢᠳᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠬᠤᠪᠢ ᠨᠡᠮᠡᠷᠢ ᠦᠵᠡᠭᠦᠯᠭᠦ ᠶᠢ ᠡᠷᠭᠢᠮᠯᠡᠳᠡᠭ ᠥᠨᠳᠥᠷ | ᠬᠡᠪ ᠪᠣᠯᠪᠠᠰᠤᠷᠠᠯ ᠲᠠᠢ ᠬᠥᠳᠡᠯᠮᠦᠷᠢᠴᠢᠨ ᠪᠤᠯᠬᠤ ᠪᠠᠷ ᠴᠢᠷᠮᠠᠶᠢᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ ᠲᠦᠷᠦᠭᠦᠯᠡᠨ ᠬᠢᠵᠦ᠂ ᠤᠷ᠎ᠠ | ᠴᠢᠳᠠᠪᠤᠷᠢ ᠲᠠᠢ ᠴᠢᠳᠠᠪᠤᠷᠢᠲᠠᠨ ᠪᠣᠯᠵᠤ᠂ ᠤᠷ᠎ᠠ ᠴᠢᠳᠠᠪᠤᠷᠢ ᠪᠠᠷ ᠤᠯᠤᠰ ᠲᠠᠭᠠᠨ ᠵᠢᠳᠬᠦᠵᠦ᠂ ᠠᠵᠢᠯᠴᠢᠨ ᠠᠩᠭᠢ ᠶᠢᠨ ᠲᠡᠷᠢᠭᠦᠨ ᠤ ᠦᠵᠡᠯ ᠰᠠᠨᠠᠭ᠎ᠠ᠂ ᠵᠢᠱᠢᠶᠡᠴᠢ | ᠦᠢᠯᠡ ᠠᠵᠢᠯᠯᠠᠭ᠎ᠠ ᠪᠠᠷ ᠭᠦᠳᠡᠯᠮᠦᠷᠢ ᠢᠷᠠᠭᠤ ᠠᠯᠳᠠᠷ ᠲᠠᠢ᠂ ᠡᠭᠦᠳᠦᠨ ᠪᠦᠲᠦᠭᠡᠯᠲᠡ ᠠᠭᠤᠤ ᠭᠡᠬᠦ ᠶᠡᠭᠡ ᠴᠠᠭ ᠦᠶ᠎ᠡ ᠶᠢᠨ ᠬᠦᠴᠦᠷᠬᠡᠭ ᠳᠠᠭᠤᠨ ᠢ ᠴᠢᠪᠬᠠᠳᠠᠶ᠎ᠠ᠃ | ᠪᠦᠭᠦ ᠣᠷᠣᠨ ᠤ ᠦᠨᠳᠦᠰᠦᠲᠡᠨ ᠨᠦᠭᠦᠳ ᠤᠨ ᠬᠥᠳᠡᠯᠮᠦᠷᠢᠴᠢᠨ ᠨᠠᠶᠢᠵᠠ ᠨᠠᠷ ᠠ᠋᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠡᠪᠦᠷᠯᠡᠵᠦ᠂ ᠵᠠᠮ ᠨᠡᠭᠡᠭᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠳᠠᠬᠢᠨᠲᠠ ᠰᠢᠯᠢᠳᠡᠭ | ᠠᠮᠵᠢᠯᠲᠠ ᠣᠯᠬᠤ ᠪᠠᠷ ᠴᠢᠷᠮᠠᠶᠢᠰᠤᠭᠠᠢ᠃ | ᠥᠪᠡᠷᠲᠡᠭᠡᠨ ᠵᠠᠰᠠᠬᠤ ᠣᠷᠣᠨ ᠤ ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ | ᠭᠦᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢ | 2025 ᠣᠨ ᠤ 4 ᠰᠠᠷ᠎ᠠ ᠶᠢᠨ 24 ᠤ ᠡᠳᠦᠷ | | | | | |