ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | | ᠥᠪᠥᠷ ᠵᠠᠰᠠᠭ ᠠᠯᠪᠠᠨ ᠲᠠᠷᠬᠠᠭᠠᠭᠰᠠᠨ ﹇2025﹈ 10 ᠳ᠋ᠤᠭᠠᠷ ᠲᠣᠭᠠᠲᠤ | | | ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠬᠤᠷᠢᠨᠨᠯᠠᠨ ᠵᠤᠨᠨᠰᠤᠭᠠᠬᠤ ᠬᠢᠬᠡᠳ ᠰᠡᠷᠭᠡᠶᠢᠯᠡᠨ ᠵᠠᠰᠠᠬᠤ | ᠲᠥᠯᠥᠪᠵᠢᠭᠦᠯᠭᠡ ︵2025 — 2030 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠬᠤᠷᠢᠨᠨᠯᠠᠨ ᠵᠤᠨᠨᠰᠤᠭᠠᠬᠤ ᠬᠢᠬᠡᠳ ᠰᠡᠷᠭᠡᠶᠢᠯᠡᠨ ᠵᠠᠰᠠᠬᠤ | ᠲᠥᠯᠥᠪᠵᠢᠭᠦᠯᠭᠡ ︵2025 — 2030 ᠣᠨ︶︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2025 ᠣᠨ ᠤ 2 ᠳ᠋ᠤᠭᠠᠷ ᠰᠠᠷ᠎ᠠ ᠶᠢᠨ 20 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠬᠤᠷᠢᠨᠨᠯᠠᠨ ᠵᠤᠨᠨᠰᠤᠭᠠᠬᠤ | ᠬᠢᠬᠡᠳ ᠰᠡᠷᠭᠡᠶᠢᠯᠡᠨ ᠵᠠᠰᠠᠬᠤ ᠲᠥᠯᠥᠪᠵᠢᠭᠦᠯᠭᠡ ︵2025 — 2030 ᠣᠨ︶ | ᠠᠶᠢᠽ ᠡᠪᠡᠳᠴᠢᠨ ᠪᠣᠯ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠲᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠬᠤ ᠬᠦᠨᠳᠦ ᠶᠡᠭᠡ | ᠬᠠᠯᠳᠠᠪᠤᠷᠢᠲᠤ ᠡᠪᠡᠳᠴᠢᠨ ᠮᠥᠨ᠃ ︽︿ᠳᠤᠮᠳᠠᠳᠤ ᠤᠯᠤᠰ ᠤᠨ ᠠᠶᠢᠽ ᠡᠪᠡᠳᠴᠢᠨ ᠢ ᠬᠤᠷᠢᠨᠨᠯᠠᠨ ᠵᠤᠨᠨᠰᠤᠭᠠᠬᠤ ᠪᠠ ᠰᠡᠷᠭᠡᠶᠢᠯᠡᠨ ᠵᠠᠰᠠᠬᠤ ᠲᠥᠯᠥᠪᠵᠢᠭᠦᠯᠭᠡ | ︵2024 — 2030 ᠣᠨ︶﹀ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ | ᠠᠯᠪᠠᠨ ᠲᠠᠷᠬᠠᠭᠠᠭᠰᠠᠨ ﹇2024﹈ 51 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠨ᠂ ᠠᠶᠢᠽ ᠡᠪᠡᠳᠴᠢᠨ ᠢ | ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠢ ᠬᠠᠮᠠᠭᠠᠯᠠᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠲᠥᠯᠥᠪᠵᠢᠭᠦᠯᠭᠡ ᠶᠢ ᠲᠣᠭᠲᠠᠭᠠᠪᠠ᠃ | ᠨᠢᠭᠡ᠂ ᠰᠡᠷᠭᠡᠶᠢᠯᠡᠨ ᠵᠠᠰᠠᠬᠤ ᠬᠠᠷᠠᠯᠲᠠ | ᠴᠢᠰᠤ ᠶᠡᠭᠦᠯᠡᠵᠦ ᠬᠠᠯᠳᠠᠪᠤᠷᠢᠯᠠᠬᠤ ᠶᠢ ᠵᠣᠭᠰᠤᠭᠠᠭᠰᠠᠨ ᠪᠠ ᠬᠤᠤᠷᠲᠤ ᠡᠳ᠋ ᠲᠠᠷᠢᠵᠦ ᠬᠠᠯᠳᠠᠪᠤᠷᠢᠯᠠᠬᠤ ᠶᠢ ᠬᠤᠷᠢᠭᠯᠠᠭᠰᠠᠨ ᠦᠷ᠎ᠡ ᠪᠦᠲᠦᠭᠡᠯ ᠢᠶᠠᠨ | ᠪᠠᠬᠢᠵᠢᠭᠦᠯᠵᠦ᠂ ᠡᠬᠡ ᠨᠢᠯᠬ᠎ᠠ ᠶᠢᠨ ᠬᠠᠯᠳᠠᠪᠤᠷᠢᠯᠠᠭ᠎ᠠ ᠶᠢ ᠠᠷᠢᠯᠭᠠᠨ᠂ ᠪᠡᠯᠭᠡ ᠶᠢᠨ ᠬᠠᠯᠳᠠᠪᠤᠷᠢᠯᠠᠭ᠎ᠠ ᠶᠢᠨ ᠨᠡᠮᠡᠭᠳᠡᠬᠦ ᠬᠠᠨᠳᠤᠰᠢ ᠶᠢ ᠤᠯᠠᠮ ᠨᠢᠭᠡ ᠠᠯᠬᠤᠮ ᠬᠤᠷᠢᠨᠨᠯᠠᠨ | ᠵᠤᠨᠨᠰᠤᠭᠠᠵᠦ᠂ ᠠᠶᠢᠽ ᠡᠪᠡᠳᠴᠢᠨ ᠤ ᠰᠢᠨ᠎ᠡ ᠪᠠᠷ ᠡᠭᠦᠰᠴᠤ ᠲᠡᠯᠬᠡᠷᠡᠬᠦ ᠬᠠᠯᠳᠠᠪᠤᠷᠢᠯᠠᠭ᠎ᠠ ᠶᠢ ᠲᠣᠷᠣᠨᠨᠰᠢᠯᠠᠭᠤᠯᠤᠨ᠂ ᠬᠠᠮᠢᠶᠠᠳᠠᠬᠤ ᠦᠬᠦᠵᠦ ᠠᠳᠡᠬᠦ ᠪᠠᠶᠢᠳᠠᠯ ᠢ | ᠪᠠᠭᠠᠰᠬᠠᠵᠤ᠂ ᠪᠦᠬᠦᠶᠢᠯᠡ ᠬᠢᠵᠢᠭ ᠤᠨ ᠪᠠᠶᠢᠳᠠᠯ ᠢ ᠦᠷᠭᠦᠯᠵᠢᠯᠡᠨ ᠳᠣᠣᠷ᠎ᠠ ᠵᠠᠬ᠎ᠠ ᠶᠢᠨ ᠦᠷᠪᠢᠰᠦᠨ ᠳᠡᠯᠭᠡᠷᠡᠬᠦ ᠬᠡᠮᠵᠢᠶᠡᠨ ᠳᠤ ᠬᠢᠵᠠᠭᠠᠷᠯᠠᠨ᠎ᠠ᠃ ᠪᠣᠳᠠᠲᠠᠶ ᠠᠵᠢᠯ ᠤᠨ | ᠭᠦᠢᠴᠡᠳᠬᠡᠯ ᠲᠤᠭ᠎ᠠ ᠨᠢ ᠳᠣᠤᠷᠠᠬᠢ ᠮᠡᠲᠦ᠄ | ︵ᠨᠢᠭᠡ︶ ᠨᠡᠶᠢᠭᠡᠮ ᠳᠠᠶᠠᠭᠠᠷ ᠤᠨ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠎ᠡ᠃ 2025 ᠣᠨ ᠳᠤ᠂ ᠰᠠᠭᠤᠭᠠᠯᠢ ᠠᠷᠠᠳ ᠤᠨ ᠠᠶᠢᠽ | ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠶᠢᠯᠠᠭᠠᠨ ᠮᠡᠳᠡᠬᠦ ᠨᠤᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠭᠤᠣᠯᠳᠠᠯᠭ᠎ᠠ ᠲᠠᠢ ᠬᠥᠮᠦᠰ ᠵᠢᠴᠢ | ᠠᠶᠢᠽ ᠡᠪᠡᠳᠴᠢᠨ ᠳᠤ ᠠᠮᠠᠷᠬᠠᠨ ᠬᠠᠯᠳᠠᠪᠤᠷᠢᠯᠠᠭᠳᠠᠬᠤ ᠠᠶᠤᠯᠲᠠᠢ ᠦᠢᠯᠡ ᠠᠵᠢᠯᠯᠠᠭ᠎ᠠ ᠲᠠᠢ ᠬᠥᠮᠦᠰ ᠤᠨ ᠰᠡᠷᠭᠡᠶᠢᠯᠡᠨ ᠵᠠᠰᠠᠬᠤ ᠮᠡᠳᠡᠯᠭᠡ ᠶᠢᠨ ᠤᠶᠢᠯᠠᠭᠠᠨ ᠮᠡᠳᠡᠬᠦ | ᠨᠤᠷᠮ᠎ᠠ ᠶᠢ 95% ᠠᠴᠠ ᠳᠡᠭᠡᠭᠰᠢ ᠳᠤ ᠭᠦᠷᠦᠬᠦᠯᠦᠨ᠂ ᠬᠠᠯᠳᠠᠪᠤᠷᠢᠯᠠᠭᠰᠠᠳ ᠤᠨ ᠡᠷᠬᠡ ᠡᠭᠦᠷᠭᠡ ᠶᠢᠨ ᠤᠶᠢᠯᠠᠭᠠᠨ ᠮᠡᠳᠡᠬᠦ ᠨᠤᠷᠮ᠎ᠠ ᠶᠢ 95% ᠠᠴᠠ ᠳᠡᠭᠡᠭᠰᠢ ᠳᠤ | ᠬᠦᠷᠦᠭᠦᠯᠵᠦ᠂ 2030 ᠣᠨ ᠪᠤᠯᠲᠠᠯ᠎ᠠ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃ | ︵ᠬᠤᠶᠠᠷ︶ ᠠᠶᠤᠯᠲᠠᠶ ᠦᠢᠯᠡ ᠠᠵᠢᠯᠯᠠᠭ᠎ᠠ ᠶᠢ ᠬᠤᠪᠢᠷᠠᠭᠤᠯᠬᠤ ᠶᠢ ᠠᠬᠢᠭᠤᠯᠤᠨ᠎ᠠ᠃ 2025 ᠣᠨ ᠪᠠ 2030 ᠣᠨ ᠳᠤ᠂ ᠡᠷᠡᠭᠲᠡᠶ ᠶᠢᠨ ᠢᠵᠢᠯ | ᠭᠦᠢᠰᠦᠳᠡᠨ ᠤ ᠬᠤᠭᠤᠷᠤᠨᠳᠤᠬᠢ ᠬᠤᠷᠢᠴᠠᠯ ᠤᠨ ᠠᠵᠢᠯᠯᠠᠭ᠎ᠠ ᠲᠠᠢ ᠭᠦᠮᠦᠰ ᠤᠨ ᠠᠶᠢᠽ ᠡᠪᠡᠳᠴᠢᠨ ᠲᠠᠢ ᠬᠠᠮᠢᠶᠠᠳᠠᠬᠤ ᠠᠶᠤᠯᠲᠠᠶ ᠦᠢᠯᠡ ᠠᠵᠢᠯᠯᠠᠭ᠎ᠠ ᠶᠢ ᠴᠥᠮ | ᠡᠮᠦᠨᠡᠬᠢ 5 ᠵᠢᠯ ᠤᠨ ᠬᠢ ᠠᠴᠠ 10% ᠠᠴᠠ ᠳᠡᠭᠡᠭᠰᠢ ᠪᠠᠭᠠᠰᠬᠠᠨ᠎ᠠ︔ 2025 ᠣᠨ ᠳᠤ᠂ ᠠᠶᠢᠽ ᠡᠪᠡᠳᠴᠢᠨ ᠳᠤ ᠠᠮᠠᠷᠬᠠᠨ ᠬᠠᠯᠳᠠᠪᠤᠷᠢᠯᠠᠭᠳᠠᠬᠤ ᠠᠶᠤᠯᠲᠠᠶ | ᠦᠢᠯᠡ ᠠᠵᠢᠯᠯᠠᠭ᠎ᠠ ᠲᠠᠢ ᠬᠥᠮᠦᠰ ᠲᠤ ᠠᠪᠤᠨᠨᠰᠠᠨ ᠶᠡᠷᠦᠩᠬᠡᠶᠢᠯᠡᠨ ᠬᠠᠮᠢᠶᠠᠷᠴᠤ ᠵᠠᠬᠢᠷᠬᠤ ᠠᠷᠭ᠎ᠠ ᠬᠡᠮᠵᠢᠶ᠎ᠡ ᠶᠢᠨ ᠬᠠᠮᠤᠷᠬᠤ ᠬᠠᠷᠢᠴᠠᠯ ᠢ 95% ᠠᠴᠠ ᠳᠡᠭᠡᠭᠰᠢ ᠳᠤ | ᠬᠦᠷᠦᠭᠦᠯᠵᠦ᠂ ᠬᠤᠤᠷ ᠡᠳ᠋ᠯᠡᠬᠦ ᠶᠢ ᠵᠣᠭᠰᠣᠭᠠᠬᠤ ᠡᠮ ᠢᠶᠠᠷ ᠦᠷᠭᠦᠯᠵᠢᠯᠡᠨ ᠡᠮᠨᠡᠬᠦ ᠵᠠᠰᠠᠯᠲᠠ ᠳᠤ ᠣᠷᠣᠯᠴᠠᠭᠰᠠᠳ ᠤᠨ ᠵᠢᠯ ᠤᠨ ᠰᠢᠨ᠎ᠡ ᠪᠠᠷ ᠡᠭᠦᠰᠴᠤ ᠲᠡᠯᠬᠡᠷᠡᠬᠦ | ᠬᠠᠯᠳᠠᠪᠤᠷᠢᠯᠠᠭ᠎ᠠ ᠶᠢᠨ ᠨᠣᠷᠮ᠎ᠠ ᠶᠢ 0.1% ᠠᠴᠠ ᠳᠣᠷᠣᠭᠰᠢ ᠪᠠᠶᠢᠯᠭᠠᠵᠤ᠂ 2030 ᠣᠨ ᠪᠤᠯᠲᠠᠯ᠎ᠠ ᠦᠷᠭᠦᠯᠵᠢᠯᠡᠨ ᠪᠠᠲᠤᠯᠠᠨ᠎ᠠ᠃ | ︵ᠭᠤᠷᠪᠠ︶ ᠬᠡᠷ ᠪᠦᠯᠢ ᠶᠢᠨ ᠳᠣᠲᠣᠭᠠᠳᠤ ᠳᠤ ᠬᠠᠯᠳᠠᠪᠤᠷᠢᠯᠠᠬᠤ ᠶᠢ ᠤᠷᠢᠳᠴᠢᠯᠠᠨ ᠰᠡᠷᠭᠡᠶᠢᠯᠡᠨ᠎ᠡ᠃ 2025 ᠣᠨ ᠳᠤ᠂ ᠠᠶᠢᠽ ᠡᠪᠡᠳᠴᠢᠨ ᠤ ᠡᠬᠡ | ᠨᠢᠯᠬ᠎ᠠ ᠶᠢᠨ ᠬᠠᠯᠳᠠᠪᠤᠷᠢᠯᠠᠭ᠎ᠠ ᠶᠢᠨ ᠨᠣᠷᠮ᠎ᠠ ᠶᠢ 2% ᠠᠴᠠ ᠳᠣᠷᠣᠭᠰᠢ ᠪᠠᠶᠢᠯᠭᠠᠵᠤ᠂ ᠡᠷ᠎ᠡ ᠡᠮ᠎ᠡ ᠬᠤᠶᠠᠭᠤᠯᠠ ᠶᠢᠨ ᠨᠢᠭᠡ ᠨᠢ ᠠᠶᠢᠽ ᠡᠪᠡᠳᠴᠢᠨ ᠳᠤ | ᠬᠠᠯᠳᠠᠪᠤᠷᠢᠯᠠᠭᠳᠠᠭᠰᠠᠨ ᠬᠡᠷ ᠪᠦᠯᠢ ᠶᠢᠨ ᠬᠢᠨ ᠤ ᠬᠠᠨᠢ ᠨᠦᠭᠦᠷ ᠲᠤ ᠪᠠᠨ ᠬᠠᠯᠳᠠᠪᠤᠷᠢᠯᠠᠬᠤ ᠨᠣᠷᠮ᠎ᠠ ᠶᠢ 0.3% ᠠᠴᠠ ᠳᠣᠷᠣᠭᠰᠢ ᠪᠠᠶᠢᠯᠭᠠᠵᠤ᠂ 2030 ᠣᠨ | ᠪᠤᠯᠲᠠᠯ᠎ᠠ ᠦᠷᠭᠦᠯᠵᠢᠯᠡᠨ ᠪᠠᠲᠤᠯᠠᠨ᠎ᠠ᠃ | ︵ᠳᠥᠷᠪᠡ︶ ᠣᠨᠤᠰᠢᠯᠠᠵᠦ ᠡᠮᠨᠡᠨ ᠵᠠᠰᠠᠬᠤ ᠦᠷ᠎ᠡ ᠪᠦᠳᠦᠮᠵᠢ ᠶᠢ ᠳᠡᠭᠡᠭᠰᠢᠯᠡᠭᠦᠯᠦᠨ᠎ᠡ᠃ ᠣᠨᠣᠰᠢᠯᠠᠯᠲᠠ ᠪᠠᠷ ᠳᠡᠮᠵᠢᠨ ᠲᠣᠰ ᠪᠡᠶ᠎ᠡ ᠶᠢᠨ ᠢᠶᠠᠨ | ᠬᠠᠯᠳᠠᠪᠤᠷᠢᠯᠬᠠᠰᠠᠨ ᠪᠠᠶᠢᠳᠠᠯ ᠢᠶᠠᠨ ᠣᠯᠵᠤ ᠮᠡᠳᠡᠭᠰᠡᠨ ᠤ ᠬᠠᠮᠲᠤ ᠣᠶᠢᠯᠠᠭᠠᠭᠰᠠᠨ ᠬᠠᠯᠳᠠᠪᠤᠷᠢᠯᠠᠭᠰᠠᠳ ᠤᠨ ᠬᠠᠷᠢᠴᠠᠯ ᠢ 2025 ᠣᠨ ᠳᠤ 90% ᠠᠴᠠ | ᠳᠡᠭᠡᠭᠰᠢ ᠳᠤ ᠬᠦᠷᠦᠭᠦᠯᠵᠦ᠂ 2030 ᠣᠨ ᠳᠤ 95% ᠠᠴᠠ ᠳᠡᠭᠡᠭᠰᠢ ᠳᠤ ᠬᠦᠷᠦᠭᠦᠯᠦᠨ᠎ᠡ᠃ 2025 ᠣᠨ ᠳᠤ᠂ ᠣᠨᠣᠰᠢᠯᠠᠯᠲᠠ ᠪᠠᠷ ᠳᠠᠮᠵᠢᠵᠤ | ᠢᠯᠡᠷᠡᠬᠦᠯᠦᠭᠰᠡᠨ ᠬᠠᠯᠳᠠᠪᠤᠷᠢᠯᠠᠭᠰᠠᠳ ᠤᠨ ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ ᠬᠦᠷᠲᠡᠬᠦ ᠬᠠᠷᠢᠴᠠᠯ᠂ ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ | ᠬᠦᠷᠲᠡᠭᠰᠡᠨ ᠬᠠᠯᠳᠠᠪᠤᠷᠢᠯᠠᠭᠰᠠᠳ ᠤᠨ ᠸᠢᠷᠦ᠋ᠰ ᠢ ᠡᠰᠡᠷᠭᠦᠴᠡᠬᠦ ᠬᠠᠷᠢᠴᠠᠯ ᠢ ᠳᠤᠮᠳᠠᠴᠢ ᠪᠠᠷ 95% ᠠᠴᠠ ᠳᠡᠭᠡᠭᠰᠢ ᠳᠤ ᠬᠦᠷᠦᠭᠦᠯᠵᠦ᠂ 2030 ᠣᠨ ᠪᠤᠯᠲᠠᠯ᠎ᠠ | ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃ | ︵ᠲᠠᠪᠤ︶ ᠬᠥᠮᠦᠰ ᠤᠨ ᠬᠤᠭᠤᠷᠣᠨᠳᠣᠬᠢ ᠬᠠᠯᠳᠠᠪᠤᠷᠢᠯᠠᠬᠤ ᠬᠢᠷᠢ ᠬᠡᠮᠵᠢᠶ᠎ᠡ ᠶᠢ ᠡᠵᠡᠮᠰᠢᠨ᠎ᠡ᠃ 2030 ᠣᠨ ᠪᠣᠯᠬᠤ ᠳᠤ᠂ ᠪᠥᠬᠦ ᠬᠥᠮᠦᠰ ᠤᠨ | ᠬᠤᠭᠤᠷᠣᠨᠳᠣᠬᠢ ᠬᠠᠯᠳᠠᠪᠤᠷᠢᠯᠠᠬᠤ ᠨᠣᠷᠮ᠎ᠠ ᠶᠢ 0.15% ᠠᠴᠠ ᠳᠣᠷᠣᠭᠰᠢ ᠳᠤ ᠡᠵᠡᠮᠰᠢᠨ᠎ᠡ᠃ | ᠬᠤᠶᠠᠷ᠂ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ | ︵ᠨᠢᠭᠡ︶ ᠤᠬᠠᠭᠤᠯᠭ᠎ᠠ ᠬᠥᠮᠦᠵᠢᠯ ᠢᠶᠠᠷ ᠵᠢᠯᠣᠭᠤᠳᠣᠨ ᠨᠥᠯᠥᠭᠡᠯᠡᠬᠦ ᠪᠠ ᠨᠡᠶᠢᠭᠡᠮ ᠳᠠᠶᠠᠭᠠᠷ ᠢ ᠳᠠᠶᠢᠴᠢᠯᠠᠬᠤ ᠪᠠᠨ ᠴᠢᠩᠭᠠᠷᠠᠭᠤᠯᠵᠤ᠂ ᠣᠯᠠᠨ ᠨᠡᠶᠢᠲᠡ ᠶᠢᠨ | ᠰᠡᠷᠭᠡᠶᠢᠯᠡᠨ ᠵᠠᠰᠠᠬᠤ ᠤᠬᠠᠮᠰᠠᠷ ᠢ ᠳᠡᠭᠡᠭᠰᠢᠯᠡᠭᠦᠯᠦᠨ᠎ᠡ | 1. ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ︽ | ᠠᠷᠠᠳ ᠢᠷᠭᠡᠳ ᠤᠨ ᠡᠷᠡᠭᠦᠯ ᠮᠡᠨᠳᠤ ᠶᠢᠨ ᠬᠡᠪ ᠪᠣᠯᠪᠠᠰᠤᠷᠠᠯ︾ ᠤᠨ ᠠᠭᠤᠯᠭ᠎ᠠ ᠳᠤ ᠣᠷᠣᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠠᠵᠢᠯᠯᠠᠭ᠎ᠠ ᠶᠢᠨ ᠳᠠᠪᠠᠭᠤᠯᠢᠭ ᠢ ᠪᠠᠳᠠᠷᠠᠭᠤᠯᠤᠨ᠂ ᠰᠡᠷᠭᠡᠶᠢᠯᠡᠨ ᠵᠠᠰᠠᠬᠤ ᠮᠡᠳᠡᠯᠭᠡ ᠶᠢ ᠨᠡᠶᠢᠭᠡᠮ ᠲᠣᠭᠤᠷᠢᠭ᠂ ᠠᠵᠤ ᠠᠬᠤᠶᠢᠯᠠᠯ᠂ ᠡᠮᠨᠡᠯᠭᠡ ᠶᠢᠨ ᠬᠤᠷᠢᠶ᠎ᠠ᠂ | ᠰᠤᠷᠭᠠᠭᠤᠯᠢ ᠶᠢᠨ ᠬᠦᠷᠢᠶ᠎ᠡ᠂ ᠭᠡᠷ ᠪᠦᠯᠢ ᠳᠤ ᠣᠷᠣᠭᠤᠯᠬᠤ ᠶᠢ ᠠᠬᠢᠭᠤᠯᠬᠤ ᠬᠡᠷᠡᠭᠲᠡᠶ᠃ ᠳᠡᠯᠡᠬᠡᠶ ᠶᠢᠨ ᠠᠶᠢᠽ ᠡᠪᠡᠳᠴᠢᠨ ᠤ ᠡᠳᠦᠷ᠂ ᠣᠯᠠᠨ ᠤᠯᠤᠰ ᠤᠨ | ᠬᠤᠣᠷᠲᠤ ᠡᠳ᠋ ᠢ ᠴᠠᠭᠠᠵᠠᠯᠠᠬᠤ ᠡᠳᠦᠷ ᠵᠢᠴᠢ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠲᠠᠢ | ᠤᠶᠠᠯᠳᠤᠭᠤᠯᠤᠨ᠂ ᠭᠤᠤᠯ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠲᠠᠪᠴᠠᠩ ᠢ ᠭᠦᠢᠴᠡᠳ ᠬᠡᠷᠡᠭᠯᠡᠵᠦ᠂ ᠲᠥᠪᠯᠡᠷᠡᠩᠭᠦᠶ ᠴᠢᠨᠠᠷᠲᠠᠶ᠂ ᠪᠠᠶᠢᠩᠭᠤ ᠶᠢᠨ | ᠴᠢᠨᠠᠷᠲᠠᠶ ᠤᠬᠠᠭᠤᠯᠭ᠎ᠠ ᠬᠥᠮᠦᠵᠢᠯ ᠥᠷᠨᠢᠭᠦᠯᠵᠦ᠂ ︽ᠬᠥᠮᠦᠨ ᠪᠦᠭᠦᠨ ᠥᠪᠡᠷ ᠤᠨ ᠢᠶᠠᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ︾ ᠭᠡᠬᠦ | ᠣᠨᠣᠯᠵᠢᠬᠤᠨ ᠢ ᠬᠥᠲᠥᠯᠦᠨ ᠵᠢᠯᠣᠭᠤᠳᠴᠤ ᠪᠣᠶ ᠪᠣᠯᠭᠠᠨ᠎ᠠ᠃ | 2. ᠭᠤᠤᠯᠳᠠᠯᠭ᠎ᠠ ᠲᠠᠢ ᠲᠠᠯᠠᠪᠤᠷ ᠭᠠᠵᠠᠷ ᠪᠠ ᠭᠤᠤᠯᠳᠠᠯᠭ᠎ᠠ ᠲᠠᠢ ᠬᠥᠮᠦᠰ ᠲᠤ ᠤᠬᠠᠭᠤᠯᠭ᠎ᠠ ᠬᠥᠮᠦᠵᠢᠯ ᠬᠢᠭᠦ ᠪᠠᠨ ᠴᠢᠩᠭᠠᠳᠬᠠᠨ᠎ᠠ᠃ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ᠂ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠬᠢᠯᠢ ᠶᠢᠨ ᠪᠣᠭᠤᠮᠲᠠ᠂ ᠵᠤᠭ᠎ᠠ ᠲᠣᠭᠯᠠᠭᠠᠮ ᠪᠠ ᠤᠬᠢᠶᠠᠯᠭ᠎ᠠ ᠶᠢᠨ ᠵᠡᠷᠭᠡ ᠲᠠᠯᠠᠪᠤᠷ | ᠭᠠᠵᠠᠷ ᠲᠤ ᠤᠬᠠᠭᠤᠯᠭ᠎ᠠ ᠶᠢᠨ ᠪᠤᠯᠤᠩ ᠭᠠᠷᠭᠠᠨ ᠲᠣᠬᠢᠷᠠᠭᠤᠯᠬᠤ᠂ ᠤᠬᠠᠭᠤᠯᠭ᠎ᠠ ᠶᠢᠨ ᠡᠳ᠋ ᠪᠤᠳᠠᠰ ᠲᠡᠯᠬᠡᠵᠦ ᠲᠠᠯᠪᠢᠬᠤ᠂ ᠤᠬᠠᠭᠤᠯᠭ᠎ᠠ ᠬᠥᠮᠦᠵᠢᠯ ᠤᠨ ᠹᠢᠯᠢᠮ | ᠨᠡᠪᠲᠡᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠢᠶᠠᠷ ᠤᠬᠠᠭᠤᠯᠭ᠎ᠠ ᠥᠷᠨᠢᠭᠦᠯᠬᠦ ᠬᠡᠷᠡᠭᠲᠡᠶ᠃ ᠨᠡᠭᠦᠳᠡᠯ ᠬᠥᠮᠦᠨ ᠠᠮᠠ ᠲᠥᠪᠯᠡᠷᠡᠭᠰᠡᠨ ᠠᠵᠢᠯᠴᠢᠨ ᠬᠡᠷᠡᠭᠯᠡᠬᠦ | ᠨᠢᠭᠡᠴᠢ ᠵᠢᠴᠢ ᠬᠥᠳᠡᠯᠮᠦᠷᠢ ᠬᠦᠴᠦᠨ ᠢ ᠰᠢᠯᠵᠢᠬᠦᠯᠦᠨ ᠲᠣᠬᠢᠷᠠᠭᠤᠯᠬᠤ ᠪᠣᠯᠪᠠᠰᠤᠷᠠᠯ ᠬᠦᠷᠲᠡᠭᠡᠬᠦ ᠪᠠᠶᠢᠭᠤᠯᠤᠮᠵᠢ ᠶᠢᠨ ᠰᠡᠷᠡᠮᠵᠢᠯᠡᠭᠦᠯᠬᠦ ᠴᠢᠨᠠᠷᠲᠠᠶ ᠰᠤᠷᠭᠠᠨ ᠬᠥᠮᠦᠵᠢᠯ | ᠪᠠ ᠳᠠᠶᠢᠴᠢᠯᠠᠯᠲᠠ ᠬᠢᠵᠦ ᠪᠠᠶᠢᠴᠠᠭᠠᠨ ᠰᠢᠨᠵᠢᠬᠦ ᠵᠡᠷᠭᠡ ᠠᠵᠢᠯ ᠦᠷᠨᠢᠬᠦᠯᠦᠬᠦᠯᠬᠦ ᠪᠠᠷ ᠰᠢᠮᠳᠠᠭᠤᠯᠤᠨ ᠵᠢᠯᠣᠭᠤᠳᠤᠨ᠎ᠠ᠃ 12320 ᠪᠠ 12356 ᠵᠡᠷᠭᠡ | ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠳᠠᠮᠵᠢᠭᠤᠯᠤᠨ ᠪᠣᠳᠠᠭᠠᠯᠢ ᠴᠣᠭᠴᠠ ᠶᠢᠨ ᠡᠷᠡᠭᠦᠯ ᠴᠢᠬᠢᠷᠠᠭ ᠤᠨ ᠬᠥᠮᠦᠵᠢᠯ ᠪᠠ ᠰᠡᠳᠬᠢᠴᠡ ᠶᠢᠨ ᠵᠦᠪᠯᠡᠯᠭᠡ | ᠥᠷᠨᠢᠭᠦᠯᠦᠨ᠎ᠡ᠃ | 3. ᠪᠦᠲᠦᠮᠵᠢᠲᠡᠶ ᠵᠢᠯᠣᠭᠤᠳᠤᠨ ᠨᠥᠯᠥᠭᠡᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠎ᠠ᠃ ᠪᠡᠯᠬᠡᠪᠴᠢ ᠶᠢ ᠳᠡᠯᠭᠡᠷᠡᠭᠦᠯᠬᠦ ᠪᠠ | ᠵᠥᠪ ᠢᠶᠠᠷ ᠬᠡᠷᠡᠭᠯᠡᠬᠦ ᠶᠢ ᠠᠬᠢᠭᠤᠯᠵᠤ᠂ ᠵᠣᠴᠢᠳ ᠤᠨ ᠪᠠᠭᠤᠳᠠᠯ ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ ᠲᠤ ᠪᠡᠯᠬᠡᠪᠴᠢ ᠲᠠᠯᠪᠢᠬᠤ ᠬᠤᠯᠪᠣᠭᠳᠠᠯ ᠪᠥᠬᠦᠶ | ᠲᠣᠭᠲᠠᠭᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠭᠠᠴᠠᠭ᠎ᠠ ᠲᠣᠰᠬᠤᠨ ︵ᠰᠠᠭᠤᠭᠠᠯᠢ︶ ᠤ | ᠠᠷᠠᠳ ᠤᠨ ᠵᠥᠪᠯᠡᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠥᠪᠯᠡᠯ ᠤᠨ ᠦᠢᠯᠡᠳᠦᠯ ᠢ ᠪᠠᠳᠠᠷᠠᠭᠤᠯᠤᠨ᠎ᠠ᠃ ᠡᠷ᠎ᠡ ᠡᠮ᠎ᠡ ᠬᠤᠶᠠᠭᠤᠯᠠ ᠶᠢᠨ ᠨᠢᠭᠡ ᠨᠢ | ᠠᠶᠢᠽ ᠡᠪᠡᠳᠴᠢᠨ ᠳᠤ ᠬᠠᠯᠳᠠᠪᠤᠷᠢᠯᠠᠭᠳᠠᠭᠰᠠᠨ ᠬᠡᠷ ᠪᠦᠯᠢ ᠶᠢᠨ ᠡᠷᠡᠭᠦᠯ ᠴᠢᠬᠢᠷᠠᠭ ᠤᠨ ᠬᠥᠮᠦᠵᠢᠯ᠂ ᠪᠠᠶᠢᠴᠠᠭᠠᠨ ᠰᠢᠨᠵᠢᠵᠦ ᠡᠮᠨᠡᠨ ᠵᠠᠰᠠᠬᠤ ᠪᠠ ᠦᠷᠡᠵᠢᠯ ᠤᠨ | ᠵᠢᠯᠣᠭᠤᠳᠣᠯᠭ᠎ᠠ ᠬᠢᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠡᠮ ᠲᠠᠩ ᠢᠶᠠᠷ ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ ᠶᠢ ᠲᠡᠭᠦᠯᠳᠡᠷᠵᠢᠭᠦᠯᠵᠦ | ᠂ ᠢᠯᠡᠷᠡᠬᠦᠯᠵᠦ ᠤᠷᠢᠳᠴᠢᠯᠠᠨ ᠰᠡᠷᠭᠡᠶᠢᠯᠡᠬᠦ ᠡᠭᠦᠳᠡᠨ ᠡᠮᠨᠡᠯᠭᠡ ᠶᠢᠨ ᠵᠢᠷᠤᠮᠵᠢᠭᠰᠠᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ 2025 ᠣᠨ ᠤ ᠵᠢᠯ ᠤᠨ | ᠰᠡᠭᠦᠯᠴᠢ ᠠᠴᠠ ᠡᠮᠦᠨ᠎ᠡ ᠠᠶᠢᠮᠠᠭ ᠬᠤᠲᠠ ᠶᠢᠨ ᠱᠠᠲᠤ ᠪᠦᠬᠦᠨ ᠳᠤ ᠢᠯᠡᠷᠡᠬᠦᠯᠵᠦ ᠤᠷᠢᠳᠴᠢᠯᠠᠨ ᠰᠡᠷᠭᠡᠶᠢᠯᠡᠬᠦ ᠡᠭᠦᠳᠡᠨ ᠡᠮᠨᠡᠯᠭᠡ ᠲᠠᠢ ᠪᠣᠯᠭᠠᠨ ᠪᠦᠳᠦᠬᠡᠨ | ᠪᠠᠶᠢᠭᠤᠯᠬᠤ ᠶᠢ ᠪᠡᠶᠡᠯᠡᠭᠦᠯᠦᠨ᠎ᠡ᠃ ᠡᠮᠴᠢᠯᠡᠭᠡᠨ ᠳᠤ ᠬᠡᠷᠡᠭᠯᠡᠬᠦ ᠴᠢᠰᠦᠨ ᠳᠠᠬᠢ ᠠᠶᠢᠽ ᠡᠪᠡᠳᠴᠢᠨ ᠤ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠰᠢᠨᠵᠢᠬᠦ ᠠᠵᠢᠯ ᠢ | ᠦᠷᠭᠦᠯᠵᠢᠯᠡᠨ ᠰᠠᠶᠢᠲᠤᠷ ᠬᠢᠨ᠎ᠡ᠃ ︽ᠢᠨᠲ᠋ᠧᠷ ᠰᠦᠯᠵᠢᠶ᠎ᠡ +︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶ᠎ᠡ ᠪᠠᠷ ᠪᠠ ᠰᠦᠯᠵᠢᠶᠡᠨ ᠠᠴᠠ | ᠭᠠᠳᠠᠭᠤᠷᠬᠢ ᠶᠢ ᠤᠶᠠᠯᠳᠤᠭᠤᠯᠤᠭᠰᠠᠨ ᠪᠦᠬᠦ ᠬᠡᠯᠬᠢᠶ᠎ᠡ ᠪᠠᠷ ᠵᠢᠯᠤᠭᠤᠳᠤᠨ ᠨᠦᠯᠦᠬᠡᠯᠡᠬᠦ ᠠᠷᠭ᠎ᠠ ᠶᠢ ᠬᠡᠷᠡᠭᠵᠢᠭᠦᠯᠦᠨ᠎ᠡ᠃ | 4. ᠨᠡᠶᠢᠭᠡᠮ ᠤᠨ ᠬᠦᠴᠦᠨ ᠢ ᠳᠠᠶᠢᠴᠢᠯᠠᠨ ᠥᠷᠭᠡᠨ ᠢᠶᠠᠷ ᠣᠷᠣᠯᠴᠠᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠤᠭᠠᠲᠤ ᠬᠤᠷᠠᠯ᠂ | ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠵᠡᠷᠭᠡ ᠨᠢᠭᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠠᠵᠢᠯᠲᠠᠨ ᠠᠵᠢᠯᠴᠢᠨ ᠤ ᠤᠯᠠᠭᠠᠨ ᠲᠣᠷᠭᠠᠨ | ᠪᠦᠴᠡ ᠶᠢᠨ ᠡᠷᠡᠭᠦᠯ ᠮᠡᠨᠳᠦ ᠶᠢᠨ ᠠᠵᠢᠯᠯᠠᠭᠠᠨ︾᠂ ︽ᠵᠠᠯᠠᠭᠤᠴᠤᠳ ᠤᠨ ᠤᠯᠠᠭᠠᠨ ᠲᠣᠷᠭᠠᠨ ᠪᠦᠴᠡ︾᠂ ︽ᠡᠮᠡᠭᠲᠡᠶᠢᠴᠦᠳ ᠤᠨ ︿ᠨᠢᠭᠤᠷᠳᠠᠯᠭᠠ﹀ ᠶᠢᠨ | ᠤᠬᠠᠭᠤᠯᠭ᠎ᠠ ᠬᠥᠮᠦᠵᠢᠯ︾ ᠪᠠ ︽ᠵᠠᠯᠠᠭᠤ ᠨᠠᠰᠤ ᠪᠠ ᠡᠷᠡᠭᠦᠯ ᠮᠡᠨᠳᠦ︾ ᠵᠡᠷᠭᠡ ᠲᠤᠰᠬᠠᠶ ᠠᠵᠢᠯᠯᠠᠭᠠᠨ ᠢ ᠦᠷᠭᠦᠯᠵᠢᠯᠡᠨ ᠭᠦᠨᠵᠡᠭᠡᠶ ᠥᠷᠨᠢᠭᠦᠯᠦᠨ᠎ᠡ᠃ ᠨᠡᠶᠢᠭᠡᠮ ᠤᠨ | ᠬᠦᠴᠦᠨ ᠤ ᠰᠡᠷᠭᠡᠶᠢᠯᠡᠨ ᠵᠠᠰᠠᠯᠲᠠ ᠳᠤ ᠣᠷᠣᠯᠴᠠᠬᠤ ᠶᠢ ᠠᠵᠢᠯ ᠤᠨ ᠲᠥᠯᠥᠪᠯᠡᠭᠡ ᠳᠤ ᠪᠠᠨ ᠣᠷᠣᠭᠤᠯᠵᠤ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠡᠷᠭᠡᠶᠢᠯᠡᠨ ᠵᠠᠰᠠᠬᠤ ᠠᠵᠢᠯ ᠥᠷᠨᠢᠭᠦᠯᠬᠦ ᠶᠢ ᠬᠥᠲᠥᠯᠦᠨ ᠵᠢᠯᠣᠭᠤᠳᠬᠤ ᠪᠠ ᠳᠡᠮᠵᠢᠨ᠎ᠡ᠃ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ ᠰᠠᠶᠢᠨ ᠲᠤᠷᠠᠴᠤᠣᠯ ᠪᠠ ᠨᠡᠷ᠎ᠡ ᠴᠣᠣᠲᠤ ᠬᠥᠮᠦᠰ ᠢ ᠳᠠᠶᠢᠴᠢᠯᠠᠨ ᠳᠡᠮᠵᠢᠵᠦ | ᠪᠠᠶᠢᠭᠠᠳ ᠰᠡᠷᠭᠡᠶᠢᠯᠡᠨ ᠵᠠᠰᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠣᠷᠣᠯᠴᠠᠭᠤᠯᠵᠤ᠂ ᠨᠡᠶᠢᠭᠡᠮ ᠤᠨ ᠬᠠᠷᠢᠭᠤᠴᠠᠯᠭ᠎ᠠ ᠶᠢ ᠨᠢ ᠭᠦᠢᠴᠡᠳᠭᠡᠯᠭᠡᠨ᠎ᠡ᠃ | ︵ᠬᠤᠶᠠᠷ︶ ᠪᠠᠶᠢᠴᠠᠭᠠᠨ ᠰᠢᠨᠵᠢᠬᠦ ᠪᠠ ᠬᠢᠨᠠᠨ ᠰᠢᠨᠵᠢᠬᠦ ᠪᠠᠨ ᠴᠢᠩᠭᠠᠳᠬᠠᠵᠤ᠂ ᠡᠪᠡᠳᠴᠢᠨ ᠤ ᠵᠢᠱᠢᠶ᠎ᠡ ᠶᠢ ᠡᠷᠲᠡ ᠣᠨᠣᠰᠢᠯᠠᠬᠤ᠂ ᠡᠷᠲᠡ ᠢᠯᠡᠷᠡᠭᠦᠯᠬᠦ ᠶᠢ | ᠠᠬᠢᠭᠤᠯᠤᠨ᠎ᠠ | 1. ᠪᠠᠶᠢᠴᠠᠭᠠᠨ ᠰᠢᠨᠵᠢᠬᠦ ᠲᠣᠤᠷ ᠰᠦᠯᠵᠢᠶ᠎ᠡ ᠶᠢ ᠲᠡᠭᠦᠯᠳᠡᠷᠵᠢᠭᠦᠯᠵᠦ᠂ ᠪᠠᠶᠢᠴᠠᠭᠠᠨ ᠰᠢᠨᠵᠢᠬᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠠᠶᠢᠽ ᠡᠪᠡᠳᠴᠢᠨ ᠤ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠨᠵᠢᠬᠦ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠂ ᠡᠯ᠎ᠡ ᠠᠶᠢᠮᠠᠭ ᠬᠤᠳᠠ ᠪᠠ | ᠭᠤᠣᠯᠳᠠᠯᠭ᠎ᠠ ᠲᠠᠢ ᠬᠤᠰᠢᠭᠤ ᠰᠢᠶᠠᠨ ︵ᠬᠤᠳᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠪᠠ ᠬᠠᠯᠳᠠᠪᠤᠷᠢᠲᠤ ᠡᠪᠡᠳᠴᠢᠨ ᠤ | ᠡᠮᠨᠡᠯᠭᠡ ᠶᠢᠨ ᠬᠤᠷᠢᠶ᠎ᠠ ᠠᠨᠲ᠋ᠢᠪᠣᠳ ᠢ ᠭᠡᠷᠡᠴᠢᠯᠡᠨ ᠲᠣᠳᠤᠯᠠᠵᠤ ᠪᠠᠶᠢᠴᠠᠭᠠᠨ ᠰᠢᠨᠵᠢᠬᠦ ᠪᠠ ᠪᠥᠭᠡᠮ ᠬᠦᠴᠢᠯ ᠢ ᠣᠨᠣᠰᠢᠯᠠᠬᠤ ᠴᠢᠳᠠᠪᠤᠷᠢ ᠶᠢ ᠪᠦᠷᠢᠯᠳᠦᠬᠦᠯᠵᠦ᠂ ᠰᠤᠮᠤ | ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠢᠨ ᠤ ᠠᠶᠢᠽ | ᠡᠪᠡᠳᠴᠢᠨ ᠢ ᠪᠠᠶᠢᠴᠠᠭᠠᠨ ᠰᠢᠨᠵᠢᠬᠦ ᠴᠡᠭ ᠪᠠᠶᠢᠭᠤᠯᠬᠤ ᠶᠢ ᠵᠣᠷᠢᠭᠵᠢᠭᠤᠯᠤᠨ ᠳᠡᠮᠵᠢᠬᠦ ᠬᠡᠷᠡᠭᠲᠡᠶ᠃ ᠬᠠᠨᠳᠤᠯᠭᠠᠲᠤ ᠴᠢᠨᠠᠷᠲᠠᠶ ᠪᠠᠷ ᠰᠢᠭᠰᠢᠨ ᠪᠠᠶᠢᠴᠠᠭᠠᠬᠤ ᠲᠥᠯᠥᠪᠯᠡᠭᠡ | ᠲᠣᠭᠲᠠᠭᠠᠵᠤ᠂ ᠭᠤᠤᠯᠳᠠᠯᠭ᠎ᠠ ᠲᠠᠢ ᠬᠥᠮᠦᠰ ᠢ ᠳᠠᠶᠢᠴᠢᠯᠠᠨ ᠥᠪᠡᠷ ᠢ ᠪᠠᠨ ᠪᠠᠶᠢᠴᠠᠭᠠᠨ ᠰᠢᠨᠵᠢᠬᠦ ᠪᠠ ᠬᠤᠷᠢᠴᠠᠯ ᠤᠨ ᠬᠠᠨᠢ ᠪᠠᠨ ᠪᠠᠶᠢᠴᠠᠭᠠᠨ ᠰᠢᠨᠵᠢᠬᠦ ᠶᠢ | ᠴᠢᠩᠭᠠᠳᠬᠠᠵᠤ᠂ ᠭᠤᠤᠯᠳᠠᠯᠭ᠎ᠠ ᠲᠠᠢ ᠬᠥᠮᠦᠰ ᠪᠠ ᠡᠮᠴᠢᠯᠡᠭᠡᠨ ᠤ ᠪᠠᠶᠢᠭᠤᠯᠤᠮᠵᠢ ᠶᠢᠨ ᠭᠤᠤᠯᠳᠠᠯᠭ᠎ᠠ ᠲᠠᠢ ᠰᠠᠯᠠᠭ᠎ᠠ ᠲᠠᠰᠤᠭ ᠲᠤ ᠡᠮᠨᠡᠭᠦᠯᠦᠭᠰᠡᠳ ᠤᠨ ᠠᠶᠢᠽ | ᠡᠪᠡᠳᠴᠢᠨ᠂ ᠸᠢᠷᠦ᠋ᠰ ᠤᠨ ᠴᠢᠨᠠᠷᠲᠠᠶ ᠡᠯᠢᠭᠡᠨ ᠦᠷᠪᠢᠰᠦᠯ ᠪᠠ ᠲᠡᠮᠪᠦᠤ ᠵᠡᠷᠭᠡ ᠣᠯᠠᠨ ᠡᠪᠡᠳᠴᠢᠨ ᠢ ᠬᠠᠮᠳᠤᠷᠠᠭᠤᠯᠤᠨ ᠪᠠᠶᠢᠴᠠᠭᠠᠬᠤ ᠶᠢ ᠴᠢᠩᠭᠠᠷᠠᠭᠤᠯᠵᠤ᠂ | ᠥᠩᠭᠡᠨ ᠤ ᠡᠪᠡᠳᠴᠢᠨ ᠡᠮᠨᠡᠭᠦᠯᠦᠭᠰᠡᠳ ᠲᠤ ᠵᠢᠷᠤᠮᠵᠢᠭᠰᠠᠨ ᠣᠨᠣᠰᠢᠯᠠᠨ ᠡᠮᠨᠡᠬᠦ ᠪᠠ ᠠᠶᠢᠽ ᠡᠪᠡᠳᠴᠢᠨ ᠢ ᠪᠠᠶᠢᠴᠠᠭᠠᠨ ᠰᠢᠨᠵᠢᠵᠦ ᠵᠦᠪᠯᠡᠯᠭᠡ ᠥᠭᠬᠦ ᠦᠢᠯᠡᠴᠢᠯᠡᠭᠡ | ᠬᠠᠩᠭᠠᠨ᠎ᠠ᠃ ᠭᠤᠤᠯᠳᠠᠯᠭ᠎ᠠ ᠲᠠᠢ ᠭᠠᠵᠠᠷ ᠣᠷᠣᠨ ᠨᠢ ᠠᠶᠢᠽ ᠡᠪᠡᠳᠴᠢᠨ᠂ C ᠬᠡᠯᠪᠡᠷᠢᠲᠦ ᠡᠯᠢᠭᠡᠨ ᠤ ᠸᠢᠷᠦ᠋ᠰᠲᠦ ᠦᠷᠪᠢᠰᠦᠯ ᠪᠠ ᠥᠩᠭᠡᠨ ᠤ ᠡᠪᠡᠳᠴᠢᠨ ᠢ | ᠪᠠᠶᠢᠴᠠᠭᠠᠨ ᠰᠢᠨᠵᠢᠬᠦ ᠵᠦᠪᠯᠡᠯᠭᠡ ᠥᠭᠬᠦ ᠠᠵᠢᠯ ᠢ ᠤᠷᠤᠭᠯᠠᠬᠤ ᠠᠴᠠ ᠡᠮᠦᠨᠡᠬᠢ ᠰᠠᠶᠢᠨ ᠳᠤᠷ᠎ᠠ ᠶᠢᠨ ᠠᠨᠠᠭᠠᠬᠤ ᠤᠬᠠᠭᠠᠨ ᠤ ᠪᠠᠶᠢᠴᠠᠭᠠᠯᠲᠠ ᠪᠠ ᠭᠤᠤᠯᠳᠠᠯᠭ᠎ᠠ ᠲᠠᠢ | ᠣᠯᠠᠨ ᠨᠡᠶᠢᠲᠡ ᠶᠢᠨ ᠲᠠᠯᠠᠪᠤᠷ ᠭᠠᠵᠠᠷ ᠲᠤ ᠠᠵᠢᠯᠯᠬᠠᠰᠠᠳ ᠤᠨ ᠪᠡᠶ᠎ᠡ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠳᠤ ᠣᠷᠣᠭᠤᠯᠵᠤ᠂ ᠬᠠᠷᠢᠶ᠎ᠠ ᠣᠷᠣᠨ ᠤ ᠪᠠᠨ ᠠᠶᠢᠽ | ᠡᠪᠡᠳᠴᠢᠨ ᠢ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠶᠢᠭᠡᠮ ᠨᠡᠶᠢᠲᠡ ᠳᠤ ᠨᠡᠶᠢᠲᠡᠯᠡᠵᠦ᠂ ᠪᠠᠶᠢᠴᠠᠭᠠᠨ ᠰᠢᠨᠵᠢᠬᠦ | ᠦᠢᠯᠡᠴᠢᠯᠡᠭᠡᠨ ᠤ ᠲᠥᠬᠦᠮ ᠳᠦᠲᠡ ᠮᠦᠷᠲᠡᠭᠡᠨ ᠬᠦᠷᠲᠡᠵᠦ ᠳᠡᠶᠢᠯᠬᠦ ᠪᠣᠯᠬᠤ ᠶᠢ ᠨᠢ ᠠᠬᠢᠭᠤᠯᠤᠨ᠎ᠠ᠃ | 2. ᠣᠯᠠᠨ ᠠᠷᠭ᠎ᠠ ᠵᠠᠮ ᠢᠶᠠᠷ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠥᠷᠨᠢᠭᠦᠯᠵᠦ᠂ ᠳ᠋ᠠᠶᠢᠲ᠋ᠠ ᠶᠢ ᠵᠠᠳᠠᠯᠤᠨ ᠠᠰᠢᠭᠯᠠᠬᠤ ᠪᠠᠨ ᠴᠢᠩᠭᠠᠳᠬᠠᠨ᠎ᠠ | ᠃ ᠪᠥᠬᠦ ᠣᠷᠣᠨ ᠤ ᠬᠠᠯᠳᠠᠪᠤᠷᠢᠲᠤ ᠡᠪᠡᠳᠴᠢᠨ ᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠵᠢᠯᠣᠭᠤᠳᠬᠤ ᠮᠡᠳᠡᠭᠡ | ᠵᠠᠩᠭᠢ ᠶᠢᠨ ᠲᠠᠪᠴᠠᠩ ᠢ ᠠᠰᠢᠭᠯᠠᠨ᠂ ᠠᠶᠢᠽ ᠡᠪᠡᠳᠴᠢᠨ ᠢ ᠰᠡᠷᠭᠡᠶᠢᠯᠡᠨ ᠬᠤᠷᠢᠭᠯᠠᠬᠤ ᠤᠶᠤᠨᠲᠤ ᠣᠯᠠᠨ ᠡᠰᠢᠵᠢᠭᠰᠡᠨ ᠬᠢᠨᠠᠨ ᠰᠢᠨᠵᠢᠵᠦ ᠤᠷᠢᠳᠴᠢᠯᠠᠨ | ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ ᠭᠤᠤᠯᠳᠠᠯᠭ᠎ᠠ ᠲᠠᠢ ᠬᠥᠮᠦᠰ ᠲᠤ ᠬᠠᠷᠠᠭᠤᠯ ᠤᠨ ᠴᠡᠭ ᠮᠠᠶ᠋ᠢᠭ ᠤᠨ ᠬᠢᠨᠠᠨ ᠰᠢᠨᠵᠢᠯᠲᠡ ᠪᠠ ᠡᠮ ᠳᠤ ᠳᠠᠭᠠᠭᠠᠮᠠᠭᠠᠢ | ᠴᠢᠨᠠᠷ ᠤᠨ ᠬᠢᠨᠠᠨ ᠰᠢᠨᠵᠢᠯᠲᠡ ᠬᠢᠬᠦ ᠪᠠᠨ ᠴᠢᠩᠭᠠᠳᠬᠠᠵᠤ᠂ ᠪᠠᠶᠢᠭᠤᠯᠤᠮᠵᠢ ᠶᠢᠨ ᠬᠤᠭᠤᠷᠣᠨᠳᠣᠬᠢ ᠮᠡᠳᠡᠭᠡ ᠵᠠᠩᠭᠢ ᠶᠢᠨ ᠰᠣᠯᠢᠯᠴᠠᠭ᠎ᠠ ᠶᠢ ᠠᠬᠢᠭᠤᠯᠤᠨ᠂ ᠬᠢᠵᠢᠭ ᠤᠨ | ᠪᠠᠶᠢᠳᠠᠯ ᠢ ᠰᠤᠳᠤᠯᠤᠨ ᠮᠠᠭᠠᠳᠯᠠᠬᠤ ᠵᠢᠴᠢ ᠪᠠᠶᠢᠳᠠᠯ ᠬᠠᠨᠳᠤᠰᠢ ᠶᠢᠨ ᠵᠠᠳᠠᠯᠤᠯᠲᠠ ᠬᠢᠬᠦ ᠶᠢ ᠴᠢᠩᠭᠠᠷᠠᠭᠤᠯᠤᠨ᠎ᠠ᠃ ᠸᠢᠷᠦ᠋ᠰ ᠤᠨ ᠭᠧᠨ ᠤ ᠳᠠᠷᠠᠭᠠᠯᠠᠯ ᠢ ᠬᠡᠮᠵᠢᠬᠦ᠂ | ᠮᠣᠯᠧᠺᠦ᠋ᠯ ᠤᠨ ᠲᠠᠷᠬᠠᠭᠠᠯᠲᠠ ᠶᠢᠨ ᠲᠣᠤᠷ ᠰᠦᠯᠵᠢᠶ᠎ᠡ ᠪᠠ ᠰᠢᠨᠡᠬᠡᠨ ᠣᠶᠢᠷ᠎ᠠ ᠶᠢᠨ ᠬᠠᠯᠳᠠᠪᠤᠷᠢᠯᠠᠭ᠎ᠠ ᠶᠢ ᠵᠠᠳᠠᠯᠬᠤ ᠵᠡᠷᠭᠡ ᠶᠢ ᠠᠰᠢᠭᠯᠠᠨ᠂ ᠰᠢᠨ᠎ᠡ ᠪᠠᠷ ᠮᠡᠳᠡᠭᠦᠯᠦᠭᠰᠡᠨ | ᠬᠠᠯᠳᠠᠪᠤᠷᠢᠯᠠᠭᠳᠠᠭᠰᠠᠳ ᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠲᠠᠷᠬᠠᠭᠠᠯᠲᠠ ᠶᠢᠨ ᠲᠦᠭᠰᠢᠭᠦᠷᠢ ᠶᠢᠨ ᠮᠠᠭᠠᠳᠯᠠᠯᠲᠠ ᠶᠢ ᠭᠦᠨᠵᠡᠭᠡᠶ | ᠥᠷᠨᠢᠭᠦᠯᠵᠦ᠂ ᠲᠥᠷᠥᠯ ᠬᠤᠪᠢᠶᠠᠨ ᠵᠢᠯᠤᠭᠤᠳᠤᠨ ᠨᠦᠯᠦᠬᠡᠯᠡᠬᠦ ᠶᠢ ᠠᠬᠢᠭᠤᠯᠤᠨ᠎ᠠ᠃ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠢ ᠢᠳᠡᠪᠬᠢᠲᠡᠶ | ᠵᠣᠬᠢᠴᠠᠭᠤᠯᠵᠤ᠂ ᠲᠠᠭᠠᠨ ᠤᠶᠢᠯᠠᠭᠠᠵᠦ ᠴᠢᠳ᠋ᠬᠠᠰᠠᠨ ᠦᠬᠡᠢ ᠡᠪᠡᠳᠴᠢᠨ ᠤ ᠵᠢᠱᠢᠶᠡᠨ ᠤ ᠮᠡᠳᠡᠭᠡ ᠵᠠᠩᠭᠢ ᠶᠢ ᠴᠠᠭ ᠲᠤᠬᠠᠶ ᠳᠤ ᠨᠢ ᠣᠶᠢᠯᠠᠭᠠᠨ ᠡᠵᠡᠮᠰᠢᠵᠦ᠂ | ᠡᠪᠡᠳᠴᠢᠨ ᠤ ᠵᠢᠱᠢᠶᠡᠨ ᠤ ᠬᠠᠮᠢᠶᠠᠷᠤᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ | ︵ᠭᠤᠷᠪᠠ︶ ᠡᠮᠨᠡᠨ ᠵᠠᠰᠠᠬᠤ ᠪᠠ ᠠᠪᠤᠷᠠᠨ ᠲᠤᠰᠠᠯᠠᠬᠤ ᠶᠢ ᠠᠬᠢᠭᠤᠯᠵᠤ᠂ ᠸᠢᠷᠦ᠋ᠰ ᠢ ᠡᠰᠡᠷᠭᠦᠴᠡᠬᠦ ᠲᠠᠯ᠎ᠠ ᠪᠠᠷ ᠬᠢ ᠡᠮᠨᠡᠨ ᠵᠠᠰᠠᠬᠤ ᠦᠷ᠎ᠡ ᠪᠦᠳᠦᠮᠵᠢ ᠶᠢ | ᠳᠡᠭᠡᠭᠰᠢᠯᠡᠭᠦᠯᠦᠨ᠎ᠡ | 1. ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ ᠶᠢ ᠴᠢᠨᠠᠷ ᠰᠠᠶᠢᠲᠠᠶ ᠥᠷᠨᠢᠭᠦᠯᠦᠨ᠎ᠡ᠃ ᠪᠠᠶᠢᠴᠠᠭᠠᠨ ᠰᠢᠨᠵᠢᠬᠦ᠂ ᠣᠨᠣᠰᠢᠯᠠᠬᠤ᠂ ᠡᠮᠨᠡᠨ ᠵᠠᠰᠠᠬᠤ ᠲᠠᠯ᠎ᠠ ᠳᠤ | ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠡᠮᠴᠢᠯᠡᠭᠡ ᠪᠠ ᠰᠡᠷᠭᠡᠶᠢᠯᠡᠯᠲᠡ ᠶᠢ ᠬᠠᠮᠵᠢᠯᠴᠠᠭᠤᠯᠬᠤ᠂ ᠡᠮᠴᠢᠯᠡᠭᠡ | ᠪᠠ ᠰᠡᠷᠭᠡᠶᠢᠯᠡᠯᠲᠡ ᠶᠢ ᠠᠭᠤᠰᠤᠯᠴᠠᠭᠤᠯᠬᠤ ᠲᠤᠷᠰᠢᠯᠲᠠ ᠶᠢ ᠢᠳᠡᠪᠬᠢᠲᠡᠶ ᠠᠬᠢᠭᠤᠯᠤᠨ᠎ᠠ᠃ ᠰᠢᠯᠵᠢᠬᠦᠯᠦᠨ ᠡᠮᠨᠡᠬᠦ ᠪᠠ ᠬᠠᠮᠲᠤᠷᠠᠨ ᠣᠨᠣᠰᠢᠯᠠᠬᠤ ᠲᠣᠭᠲᠠᠴᠠ ᠶᠢ | ᠪᠦᠷᠢᠨᠰᠢᠬᠦᠯᠵᠦ᠂ ᠰᠢᠨ᠎ᠡ ᠪᠠᠷ ᠮᠡᠳᠡᠭᠦᠯᠦᠭᠰᠡᠨ ᠬᠠᠯᠳᠠᠪᠤᠷᠢᠯᠠᠭᠰᠠᠳ ᠢ ᠡᠷᠲᠡᠬᠡᠨ ᠡᠮᠨᠡᠨ ᠵᠠᠰᠠᠵᠤ᠂ ᠡᠮᠨᠡᠨ ᠵᠠᠰᠠᠭᠠᠳᠤᠢ ᠬᠠᠯᠳᠠᠪᠤᠷᠢᠯᠠᠭᠰᠠᠳ ᠢ ᠳᠠᠶᠢᠴᠢᠯᠠᠨ ᠡᠮᠨᠡᠨ | ᠵᠠᠰᠠᠭᠤᠯᠬᠤ ᠬᠡᠷᠡᠭᠲᠡᠶ᠃ ᠣᠨᠳᠣᠤ ᠭᠠᠵᠠᠷ ᠲᠤ ᠬᠢᠭᠰᠡᠨ ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ ᠲᠠᠢ ᠵᠤᠯᠭᠠᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠬᠠᠯᠳᠠᠪᠤᠷᠢᠯᠠᠭᠰᠠᠳ ᠢ ᠡᠮᠨᠡᠨ ᠵᠠᠰᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ ᠬᠤᠯᠪᠣᠭᠳᠠᠯ ᠪᠥᠬᠦᠶ ᠣᠨᠣᠰᠢᠯᠠᠨ ᠡᠮᠨᠡᠬᠦ ᠵᠦᠭᠯᠡᠭᠦᠷ ᠢ ᠴᠢᠩᠭ᠎ᠠ | ᠬᠡᠷᠡᠭᠵᠢᠭᠦᠯᠵᠦ᠂ ᠡᠮᠨᠡᠨ ᠵᠠᠰᠠᠬᠤ ᠶᠢ ᠦᠨᠡᠯᠡᠨ ᠵᠢᠱᠢᠬᠦ ᠂ ᠡᠪᠡᠳᠴᠢᠨ ᠤ ᠪᠠᠶᠢᠳᠠᠯ ᠪᠠ ᠡᠮ ᠳᠤ ᠳᠠᠭᠠᠭᠠᠮᠠᠭᠠᠢ ᠴᠢᠨᠠᠷ ᠢ ᠬᠢᠨᠠᠨ ᠰᠢᠨᠵᠢᠬᠦ ᠪᠠᠨ ᠴᠢᠩᠭᠠᠳᠬᠠᠨ᠂ | ᠨᠠᠰᠤᠨ ᠳᠤ ᠭᠦᠷᠦᠭᠰᠡᠳ ᠵᠢᠴᠢ ᠬᠡᠤᠬᠡᠳ ᠤᠨ ᠡᠮᠨᠡᠨ ᠵᠠᠰᠠᠬᠤ ᠲᠥᠰᠦᠯ ᠢ ᠴᠠᠭ ᠲᠤ ᠨᠢ ᠳᠣᠭᠢᠷᠠᠭᠤᠯᠤᠨ ᠰᠢᠯᠢᠳᠡᠭᠵᠢᠭᠦᠯᠦᠨ᠎ᠡ᠃ ᠲᠣᠬᠢᠶᠠᠯ ᠤᠨ ᠴᠢᠨᠠᠷᠲᠠᠶ | ᠬᠠᠯᠳᠠᠪᠤᠷᠢᠯᠠᠭ᠎ᠠ ᠶᠢᠨ ᠬᠤᠯᠪᠣᠭᠳᠠᠯ ᠪᠥᠬᠦᠶ ᠠᠪᠤᠷᠠᠨ ᠵᠠᠰᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠦᠷᠢᠶ᠎ᠡ ᠡᠪᠡᠳᠴᠢᠨ ᠵᠡᠷᠭᠡ | ᠲᠣᠬᠢᠶᠠᠯ ᠤᠨ ᠴᠢᠨᠠᠷᠲᠠᠶ ᠬᠠᠯᠳᠠᠪᠤᠷᠢᠯᠠᠬᠤ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ᠂ ᠣᠨᠣᠰᠢᠯᠠᠬᠤ ᠪᠠ ᠡᠮᠨᠡᠨ ᠵᠠᠰᠠᠬᠤ ᠠᠵᠢᠯ ᠢ ᠰᠠᠶᠢᠲᠤᠷ ᠬᠢᠨ᠎ᠠ᠃ | ᠬᠠᠯᠳᠠᠪᠤᠷᠢᠯᠠᠭᠰᠠᠳ ᠢ ᠲᠥᠷᠥᠯ ᠬᠤᠪᠢᠶᠠᠨ ᠬᠠᠮᠢᠶᠠᠷᠬᠤ ᠪᠠᠨ ᠴᠢᠩᠭᠠᠳᠬᠠᠵᠤ᠂ ᠬᠠᠨᠳᠤᠯᠭᠠᠲᠤ ᠴᠢᠨᠠᠷᠲᠠᠶ ᠪᠠᠷ ᠲᠠᠭᠠᠨ ᠤᠶᠢᠯᠠᠭᠠᠵᠦ ᠵᠢᠯᠤᠭᠤᠳᠤᠨ ᠨᠦᠯᠦᠬᠡᠯᠡᠬᠦ | ᠦᠢᠯᠡᠴᠢᠯᠡᠭᠡ ᠬᠠᠩᠭᠠᠵᠤ᠂ ᠲᠡᠳᠡᠨ ᠢ ᠰᠢᠮᠳᠠᠭᠤᠯᠵᠤ ᠪᠠᠶᠢᠭᠠᠳ ᠵᠢᠷᠤᠮᠵᠢᠭᠰᠠᠨ ᠡᠮᠨᠡᠯᠬᠡ ᠵᠠᠰᠠᠯᠭ᠎ᠠ ᠬᠢᠯᠭᠡᠬᠦ ᠶᠢᠨ ᠬᠠᠮᠲᠤ ᠬᠤᠷᠢᠴᠠᠯ ᠤᠨ ᠬᠠᠨᠢ ᠳᠤ ᠪᠠᠨ ᠮᠡᠳᠡᠭᠳᠡᠬᠦ | ᠵᠢᠴᠢ ᠪᠤᠰᠤᠳ ᠲᠤ ᠬᠠᠯᠳᠠᠪᠤᠷᠢᠯᠠᠬᠤ ᠶᠢ ᠰᠡᠷᠭᠡᠶᠢᠯᠡᠬᠦ ᠵᠡᠷᠭᠡ ᠡᠭᠦᠷᠭᠡ ᠶᠢ ᠬᠠᠤᠯᠢ ᠶᠣᠰᠣᠭᠠᠷ ᠭᠦᠢᠴᠡᠳᠬᠡᠯᠬᠡᠨᠡ᠃ | 2. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠪᠠᠷ ᠡᠮᠨᠡᠨ ᠵᠠᠰᠠᠬᠤ ᠶᠢ ᠢᠳᠡᠪᠬᠢᠲᠡᠶ ᠠᠬᠢᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠠᠶᠢᠽ ᠡᠪᠡᠳᠴᠢᠨ ᠢ ᠣᠨᠣᠰᠢᠯᠠᠨ ᠡᠮᠨᠡᠬᠦ ᠠᠵᠢᠯ ᠳᠤ ᠣᠷᠣᠯᠴᠠᠬᠤ ᠲᠣᠭᠲᠠᠴᠠ ᠶᠢ ᠪᠦᠷᠢᠨᠰᠢᠬᠦᠯᠵᠦ᠂ ᠲᠤᠷᠰᠢᠯᠲᠠ ᠶᠢᠨ ᠴᠡᠭ ᠤᠨ ᠲᠥᠷᠥᠯ ᠵᠦᠢᠯ ᠢ | ᠦᠷᠭᠦᠯᠵᠢᠯᠡᠨ ᠠᠬᠢᠭᠤᠯᠵᠤ᠂ ᠡᠮᠨᠡᠨ ᠵᠠᠰᠠᠭᠰᠠᠨ ᠡᠮᠴᠢᠯᠡᠭᠡᠨ ᠤ ᠲᠤᠷᠰᠢᠯᠭ᠎ᠠ ᠪᠠᠨ ᠳ᠋ᠦᠩᠨᠡᠨ᠂ ᠬᠢᠲᠠᠳ ︵ᠮᠣᠩᠭᠤᠯ︶ ᠡᠮᠨᠡᠯᠭᠡ᠂ ᠬᠢᠲᠠᠳ ︵ᠮᠣᠩᠭᠤᠯ︶ | ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠣᠨᠣᠰᠢᠯᠠᠨ ᠡᠮᠨᠡᠬᠦ ᠲᠥᠰᠦᠯ ᠢ ᠲᠡᠭᠦᠯᠳᠡᠷᠵᠢᠭᠦᠯᠵᠦ᠂ ᠡᠮᠨᠡᠨ ᠵᠠᠰᠠᠬᠤ ᠬᠡᠪᠴᠢᠶᠡᠵᠢᠯ ᠢ ᠤᠯᠠᠮ ᠨᠢᠭᠡ ᠠᠯᠬᠤᠮ | ᠥᠷᠭᠡᠳᠬᠡᠨ᠎ᠡ᠃ | 3. ᠬᠠᠯᠳᠠᠪᠤᠷᠢᠯᠠᠭᠰᠠᠳ ᠢ ᠬᠠᠷᠠᠭᠠᠯᠵᠠᠵᠤ ᠲᠡᠩᠬᠡᠷᠡᠭᠦᠯᠦᠨ ᠲᠤᠰᠠᠯᠠᠬᠤ ᠪᠠᠨ ᠴᠢᠩᠭᠠᠳᠬᠠᠨ᠎ᠠ᠃ ᠬᠠᠯᠳᠠᠪᠤᠷᠢᠯᠠᠭᠰᠠᠳ ᠲᠤ ᠬᠠᠶᠢᠷ᠎ᠠ ᠬᠠᠯᠠᠮᠵᠢ ᠪᠠᠷ | ᠬᠠᠪᠰᠤᠷᠤᠨ ᠲᠤᠰᠠᠯᠠᠬᠤ᠂ ᠬᠠᠶᠢᠷ᠎ᠠ ᠰᠡᠳᠬᠢᠯᠭᠡ ᠪᠠᠷ ᠳᠡᠮᠵᠢᠬᠦ᠂ ᠠᠵᠢᠯ ᠣᠯᠭᠤᠯᠲᠠ ᠶᠢ ᠵᠢᠯᠣᠭᠤᠳᠬᠤ ᠵᠡᠷᠭᠡ ᠬᠠᠯᠠᠮᠵᠢᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠬᠠᠯᠳᠠᠪᠤᠷᠢᠯᠠᠭᠰᠠᠳ ᠵᠢᠴᠢ ᠲᠡᠳᠡᠨ ᠤ ᠭᠡᠷ ᠪᠦᠯᠢ ᠶᠢᠨ ᠬᠢᠨ ᠤ ᠡᠪᠡᠳᠴᠢᠨ ᠦᠵᠡᠭᠦᠯᠬᠦ᠂ ᠠᠵᠢᠯ ᠤᠯᠬᠤ᠂ ᠰᠤᠷᠭᠠᠭᠤᠯᠢ ᠳᠤ ᠰᠠᠭᠤᠬᠤ | ᠵᠡᠷᠭᠡ ᠬᠠᠤᠯᠢ ᠶᠣᠰᠣᠨ ᠤ ᠡᠷᠬᠡ ᠠᠰᠢᠭ ᠢ ᠨᠢ ᠬᠠᠤᠯᠢ ᠶᠣᠰᠣᠭᠠᠷ ᠪᠠᠲᠤᠯᠠᠵᠤ᠂ ᠨᠡᠶᠢᠭᠡᠮ ᠤᠨ ᠭᠠᠳᠠᠭᠤᠷᠴᠢᠯᠠᠯ ᠢ ᠪᠠᠭᠠᠰᠬᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠠᠩᠬ᠎ᠠ ᠤᠨᠤᠰᠢᠯᠬᠠᠴᠢ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭᠠᠷᠠᠭᠤᠯᠵᠤ᠂ ᠣᠨᠣᠰᠢᠯᠠᠨ ᠡᠮᠨᠡᠬᠦ ᠦᠢᠯᠡᠴᠢᠯᠡᠭᠡᠨ ᠤ ᠳᠤᠮᠳᠠ | ᠢᠯᠡᠷᠡᠭᠦᠯᠦᠭᠰᠡᠨ ᠬᠠᠯᠳᠠᠪᠤᠷᠢᠯᠠᠭᠰᠠᠳ ᠲᠤ ᠣᠨᠣᠰᠢᠯᠠᠨ ᠡᠮᠨᠡᠬᠦ ᠬᠠᠮᠢᠶ᠎ᠠ ᠪᠥᠬᠦᠶ ᠠᠷᠭᠠᠴᠠᠭᠠᠨ ᠰᠶᠢᠳᠪᠦᠷᠢᠯᠡᠬᠦ ᠠᠵᠢᠯ ᠢ ᠰᠠᠶᠢᠲᠤᠷ ᠬᠢᠵᠦ᠂ ᠶᠠᠮᠠᠷᠪᠠ ᠨᠢᠭᠡᠨ ᠤᠴᠢᠷ | ᠰᠢᠯᠲᠠᠭᠠᠨ ᠢᠶᠠᠷ ᠰᠢᠯᠲᠠᠭᠯᠠᠬᠤ ᠪᠤᠶᠤ ᠣᠨᠣᠰᠢᠯᠠᠨ ᠡᠮᠨᠡᠬᠦ ᠶᠢ ᠲᠡᠪᠴᠢᠵᠦ ᠪᠣᠯᠬᠤ ᠥᠬᠡᠶ᠃ ᠨᠡᠶᠢᠭᠡᠮ ᠤᠨ ᠪᠠᠲᠤᠯᠠᠭ᠎ᠠ ᠶᠢᠨ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠲᠠᠢ ᠵᠤᠯᠭᠠᠯᠳᠤᠭᠤᠯᠬᠤ ᠪᠠᠨ ᠴᠢᠩᠭᠠᠳᠬᠠᠵᠤ᠂ ᠬᠠᠯᠳᠠᠪᠤᠷᠢᠯᠠᠭᠰᠠᠳ ᠤᠨ ᠦᠨᠳᠦᠰᠦᠨ ᠡᠮᠴᠢᠯᠡᠭᠡ᠂ ᠨᠠᠰᠤᠵᠢᠯ ᠤᠨ ᠦᠨᠳᠦᠰᠦᠨ ᠠᠰᠠᠷᠠᠮᠵᠢ᠂ | ᠦᠨᠳᠦᠰᠦᠨ ᠠᠮᠢᠳᠤᠷᠠᠯ ᠵᠡᠷᠭᠡ ᠡᠷᠬᠡ ᠠᠰᠢᠭ ᠢ ᠨᠢ ᠪᠦᠲᠦᠮᠵᠢᠲᠡᠶ ᠪᠠᠲᠤᠯᠠᠨ᠎ᠠ᠃ ᠠᠶᠢᠽ ᠡᠪᠡᠳᠴᠢᠨ ᠠᠴᠠ ᠪᠣᠯᠤᠭᠰᠠᠨ ᠥᠨᠥᠴᠢᠨ ᠬᠡᠦᠬᠡᠳ ᠪᠠ ᠠᠶᠢᠽ | ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ ᠲᠤ ᠦᠨᠳᠦᠰᠦᠨ ᠠᠮᠢᠳᠤᠷᠠᠯ ᠤᠨ ᠵᠠᠷᠤᠳᠠᠯ ᠢ ᠴᠠᠭ ᠲᠤᠬᠠᠶ ᠳᠤ ᠨᠢ ᠭᠦᠢᠴᠡᠳ ᠲᠤᠭ᠎ᠠ ᠪᠠᠷ ᠤᠯᠭᠤᠵᠦ | ᠂ ᠠᠶᠢᠽ ᠡᠪᠡᠳᠴᠢᠨ ᠳᠤ ᠨᠥᠯᠥᠭᠡᠯᠡᠭᠳᠡᠭᠰᠡᠨ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠨᠢ ᠭᠦᠢᠴᠡᠳ ᠪᠠᠲᠤᠯᠠᠨ᠎ᠠ᠃ | ︵ᠳᠥᠷᠪᠡ︶ ᠲᠥᠷᠥᠯ ᠬᠤᠪᠢᠶᠠᠨ ᠵᠢᠯᠣᠭᠤᠳᠬᠤ ᠶᠢ ᠬᠡᠷᠡᠭᠵᠢᠭᠦᠯᠵᠦ᠂ ᠠᠳᠠᠯᠢ ᠪᠤᠰᠤ ᠬᠥᠮᠦᠰ ᠲᠤ ᠬᠠᠨᠳᠤᠯᠭᠠᠲᠤ ᠴᠢᠨᠠᠷᠲᠠᠶ ᠪᠠᠷ ᠰᠡᠷᠭᠡᠶᠢᠯᠡᠨ ᠬᠤᠷᠢᠭᠯᠠᠬᠤ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ | 1. ᠡᠬᠡ ᠨᠢᠯᠬ᠎ᠠ ᠶᠢᠨ ᠬᠠᠯᠳᠠᠪᠤᠷᠢᠯᠠᠭ᠎ᠠ ᠶᠢ ᠠᠷᠢᠯᠭᠠᠬᠤ ᠪᠠᠨ ᠲᠦᠷᠭᠡᠳᠬᠡᠨ ᠠᠬᠢᠭᠤᠯᠤᠨ᠎ᠠ᠃ ᠡᠬᠡ ᠨᠢᠯᠬ᠎ᠠ ᠶᠢᠨ ᠬᠠᠯᠳᠠᠪᠤᠷᠢᠯᠠᠭ᠎ᠠ ᠶᠢ ᠤᠷᠢᠳᠴᠢᠯᠠᠨ | ᠰᠡᠷᠭᠡᠶᠢᠯᠡᠬᠦ ᠲᠠᠪᠤᠨ ᠱᠠᠲᠤᠨ ᠤ ᠬᠤᠯᠪᠣᠭᠠᠯᠠᠨ ᠬᠥᠳᠡᠯᠦᠯᠴᠡᠬᠦ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠰᠢᠯᠢᠳᠡᠭᠵᠢᠭᠦᠯᠵᠦ᠂ ᠬᠠᠯᠳᠠᠪᠤᠷᠢᠲᠤ ᠡᠪᠡᠳᠴᠢᠨ ᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ | ᠴᠢᠩᠭᠠᠳᠬᠠᠵᠤ᠂ ᠲᠤᠨᠨᠳᠠᠮᠠᠯ ᠪᠤᠰᠤ ᠣᠨᠴᠠᠭᠠᠶ ᠬᠡᠷᠡᠭ ᠢ ᠮᠦᠷᠳᠡᠵᠦ ᠲᠠᠭᠠᠨ ᠤᠶᠢᠯᠠᠭᠠᠬᠤ ᠪᠠ ᠮᠡᠳᠡᠭᠡ ᠵᠠᠩᠭᠢ ᠶᠢ ᠵᠣᠯᠭᠠᠭᠤᠯᠬᠤ ᠲᠣᠭᠲᠠᠴᠠ ᠪᠠᠨ ᠪᠦᠷᠢᠨᠰᠢᠬᠦᠯᠦᠨ᠎ᠠ | ᠃ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡᠨ ᠤ ᠬᠡᠪ ᠵᠠᠭᠪᠤᠷ ᠢ ᠲᠡᠭᠦᠯᠳᠡᠷᠵᠢᠭᠦᠯᠵᠦ᠂ ᠠᠶᠢᠽ ᠡᠪᠡᠳᠴᠢᠨ ᠳᠤ ᠬᠠᠯᠳᠠᠪᠤᠷᠢᠯᠠᠭᠳᠠᠭᠰᠠᠨ | ᠵᠢᠷᠮᠤᠰᠤᠯᠠᠵᠦ ᠭᠦᠩᠬᠡᠵᠢᠬᠦ ᠡᠮᠡᠭᠲᠡᠶ ᠵᠢᠴᠢ ᠭᠦᠩᠬᠡᠵᠢᠭᠰᠡᠨ ᠬᠡᠤᠬᠡᠳ ᠲᠤ ᠨᠢ ᠵᠢᠯᠤᠭᠤᠳᠤᠨ ᠨᠦᠯᠦᠬᠡᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠤᠰᠬᠠᠶ | ᠬᠡᠷᠡᠭ ᠤᠨ ᠬᠠᠮᠢᠶᠠᠷᠤᠯᠲᠠ ᠪᠠ ᠵᠢᠷᠮᠦᠰᠦᠯᠡᠭᠰᠡᠨ ᠪᠠᠶᠢᠳᠠᠯ ᠢ ᠬᠢᠨᠠᠨ ᠰᠢᠨᠵᠢᠬᠦ ᠪᠠᠨ ᠴᠢᠩᠭᠠᠳᠬᠠᠵᠤ᠂ ᠡᠷᠲᠡ ᠠᠴᠠ ᠰᠢᠭᠰᠢᠨ ᠪᠠᠶᠢᠴᠠᠭᠠᠬᠤ᠂ ᠡᠷᠲᠡ ᠠᠴᠠ | ᠣᠨᠣᠰᠢᠯᠠᠬᠤ ᠦᠢᠯᠡᠴᠢᠯᠡᠭᠡᠨ ᠤ ᠴᠤᠪᠤᠷᠠᠯ ᠢ ᠲᠡᠭᠦᠯᠳᠡᠷᠵᠢᠭᠦᠯᠦᠨ᠂ ᠵᠢᠷᠮᠦᠰᠦᠨ ᠪᠠ ᠬᠦᠩᠭᠡᠵᠢᠭᠰᠡᠨ ᠡᠮᠡᠭᠲᠡᠶ ᠶᠢ ᠪᠠᠶᠢᠴᠠᠭᠠᠨ ᠰᠢᠨᠵᠢᠵᠦ ᠣᠨᠣᠰᠢᠯᠠᠬᠤ ᠴᠠᠭ ᠢ | ᠪᠣᠭᠤᠨᠢᠰᠬᠠᠨ᠎ᠠ᠃ | 2. ᠵᠠᠯᠠᠭᠤᠴᠤᠳ ᠪᠠᠭᠠᠴᠤᠳ ᠤᠨ ᠠᠶᠢᠽ ᠡᠪᠡᠳᠴᠢᠨ ᠢ ᠰᠡᠷᠭᠡᠶᠢᠯᠡᠬᠦ ᠠᠵᠢᠯ ᠢ ᠶᠡᠭᠡ ᠪᠠᠷ ᠠᠬᠢᠭᠤᠯᠤᠨ᠎ᠠ᠃ ᠰᠤᠷᠭᠠᠭᠤᠯᠢ ᠶᠢᠨ ᠠᠶᠢᠽ ᠡᠪᠡᠳᠴᠢᠨ ᠤ | ᠬᠢᠵᠢᠭ ᠤᠨ ᠪᠠᠶᠢᠳᠠᠯ ᠤᠨ ᠰᠠᠯᠠᠭ᠎ᠠ ᠮᠥᠴᠢᠷ ᠤᠨ ᠬᠤᠭᠤᠷᠤ ᠬᠤᠭᠤᠷᠣᠨᠳᠣ ᠪᠠᠨ ᠨᠡᠪᠲᠡᠷᠡᠭᠦᠯᠦᠨ ᠮᠡᠳᠡᠭᠡᠯᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ | ᠲᠣᠭᠲᠠᠴᠠ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠳᠠᠬᠢ ᠠᠶᠢᠽ ᠡᠪᠡᠳᠴᠢᠨ ᠲᠠᠢ ᠲᠡᠮᠡᠴᠡᠬᠦ ᠪᠠ ᠠᠶᠢᠽ ᠡᠪᠡᠳᠴᠢᠨ ᠢ ᠰᠡᠷᠭᠡᠶᠢᠯᠡᠬᠦ | ᠠᠵᠢᠯᠯᠠᠭᠠᠨ ᠢ ᠠᠬᠢᠭᠤᠯᠤᠨ᠎ᠠ᠃ ᠡᠯ᠎ᠡ ᠲᠥᠷᠥᠯ ᠤᠨ ᠰᠤᠷᠭᠠᠭᠤᠯᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠠᠶᠢᠽ ᠡᠪᠡᠳᠴᠢᠨ ᠤ ᠰᠡᠷᠭᠡᠶᠢᠯᠡᠯᠲᠡ ᠶᠢ ᠰᠤᠷᠭᠠᠨ | ᠬᠥᠮᠦᠵᠢᠯ ᠤᠨ ᠲᠥᠯᠥᠪᠯᠡᠭᠡ ᠳᠤ ᠪᠠᠨ ᠣᠷᠣᠭᠤᠯᠵᠤ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ | ᠰᠤᠷᠭᠠᠭᠤᠯᠢ ᠶᠢᠨ ᠤᠳᠤᠷᠢᠳᠤᠯᠭ᠎ᠠ ᠪᠠᠷ ᠲᠦᠷᠦᠭᠦᠯᠡᠭᠦᠯᠦᠭᠰᠡᠨ ᠠᠶᠢᠽ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠵᠢᠯ ᠤᠨ ᠤᠳᠤᠷᠢᠳᠬᠤ ᠳᠤᠭᠤᠶᠢᠯᠠᠩ | ᠪᠠᠶᠢᠭᠤᠯᠵᠤ᠂ ᠡᠩ ᠤᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠤᠭᠤᠳ ᠠᠶᠢᠽ ᠡᠪᠡᠳᠴᠢᠨ ᠢ ᠰᠡᠷᠭᠡᠶᠢᠯᠡᠨ ᠵᠠᠰᠠᠬᠤ | ᠮᠡᠳᠡᠯᠭᠡ ᠶᠢ ᠡᠷᠡᠭᠦᠯ ᠴᠢᠬᠢᠷᠠᠭ ᠤᠨ ᠬᠥᠮᠦᠵᠢᠯ ᠤᠨ ᠠᠭᠤᠯᠭ᠎ᠠ ᠳᠤ ᠪᠠᠨ ᠣᠷᠣᠭᠤᠯᠬᠤ ᠬᠡᠷᠡᠭᠲᠡᠶ᠃ ᠰᠤᠷᠭᠠᠭᠤᠯᠢ ᠶᠢᠨ ᠡᠪᠯᠡᠯ ᠤᠨ ᠬᠤᠷᠢᠶ᠎ᠠ᠂ ᠨᠡᠶᠢᠬᠡᠮ ᠤᠨ ᠪᠦᠯᠬᠦᠮ | ᠪᠠ ᠰᠠᠶᠢᠨ ᠲᠤᠷᠠᠴᠤᠤᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠤᠭᠴᠢᠳ ᠤᠨ ᠬᠢᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠰᠠᠶᠢᠨ ᠳᠤᠷ᠎ᠠ ᠶᠢᠨ | ᠠᠵᠢᠯᠯᠠᠭ᠎ᠠ ᠶᠢᠨ ᠤᠬᠠᠭᠤᠯᠭ᠎ᠠ ᠳᠤ ᠣᠷᠣᠯᠴᠠᠬᠤ ᠶᠢ ᠨᠢ ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠭᠤᠯᠭ᠎ᠠ ᠳᠤ ᠣᠷᠣᠭᠤᠯᠵᠤ᠂ ᠡᠯ᠎ᠡ ᠱᠠᠲᠤᠨ ᠤ ᠡᠪᠡᠳᠴᠢᠨ | ᠡᠮᠭᠡᠭ ᠢ ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ ᠮᠡᠷᠭᠡᠵᠢᠯ ᠤᠨ ᠳᠡᠮᠵᠢᠯᠭᠡ ᠬᠠᠩᠭᠠᠨ᠎ᠠ᠃ ᠵᠠᠯᠠᠭᠤᠴᠤᠳ ᠪᠠᠭᠠᠴᠤᠳ ᠤᠨ ᠪᠡᠯᠭᠡ ᠶᠢᠨ ᠡᠷᠡᠭᠦᠯ ᠮᠡᠨᠳᠦ ᠶᠢᠨ | ᠬᠥᠮᠦᠵᠢᠯ ᠢ ᠴᠢᠩᠭᠠᠳᠬᠠᠵᠤ᠂ ᠰᠤᠷᠭᠠᠭᠤᠯᠢ ᠶᠢᠨ ᠭᠦᠷᠢᠶᠡᠨ ᠤ ᠪᠠ ᠭᠠᠳᠠᠨᠠᠬᠢ ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠪᠣᠯᠪᠠᠰᠤᠨ ᠦᠢᠯᠡ ᠠᠵᠢᠯᠯᠠᠭᠠᠨ ᠤ | ᠳᠠᠳᠬᠠᠯ ᠲᠠᠢ ᠪᠣᠯᠬᠤ ᠶᠢ ᠨᠢ ᠠᠬᠢᠭᠤᠯᠵᠤ᠂ ᠲᠦᠭᠰᠢᠭᠦᠷᠢ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ | 3. ᠢᠳᠡᠷ ᠦᠳᠡᠭᠦᠰ ᠤᠨ ᠥᠩᠭᠡᠨ ᠤ ᠡᠪᠡᠳᠴᠢᠨ ᠠᠶᠢᠽ ᠡᠪᠡᠳᠴᠢᠨ ᠢ ᠰᠡᠷᠭᠡᠶᠢᠯᠡᠬᠦ ᠠᠵᠢᠯ ᠢ ᠢᠳᠡᠪᠬᠢᠲᠡᠶ ᠠᠬᠢᠭᠤᠯᠤᠨ᠎ᠠ᠃ ᠦᠳᠡᠭᠦᠰ ᠤᠨ ᠥᠩᠭᠡᠨ ᠤ | ᠡᠪᠡᠳᠴᠢᠨ ᠠᠶᠢᠽ ᠡᠪᠡᠳᠴᠢᠨ ᠤ ᠰᠡᠷᠭᠡᠶᠢᠯᠡᠯᠲᠡ ᠶᠢ ᠦᠳᠡᠭᠦᠰ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ᠂ ᠦᠳᠡᠭᠦᠰ ᠤᠨ ᠡᠷᠡᠭᠦᠯ | ᠮᠡᠨᠳᠦ ᠶᠢᠨ ᠤᠬᠠᠭᠤᠯᠭ᠎ᠠ ᠶᠢᠨ ᠭᠠᠷᠠᠭ᠂ ᠦᠳᠡᠭᠦᠰ ᠤᠨ ᠰᠡᠳᠬᠢᠴᠡ ᠶᠢᠨ ᠬᠠᠶᠢᠷ᠎ᠠ ᠬᠠᠯᠠᠮᠵᠢ ᠵᠡᠷᠭᠡ ᠠᠵᠢᠯ ᠤᠨ ᠠᠭᠤᠯᠭ᠎ᠠ ᠳᠤ ᠣᠷᠣᠭᠤᠯᠵᠤ᠂ ᠦᠳᠡᠭᠦᠰ ᠢ | ᠬᠦᠨᠳᠦᠯᠡᠵᠦ ᠦᠳᠡᠭᠦᠰ ᠢ ᠬᠠᠶᠢᠷᠠᠯᠠᠬᠤ ᠠᠵᠢᠯᠯᠠᠭ᠎ᠠ ᠲᠠᠢ ᠤᠶᠠᠯᠳᠤᠭᠤᠯᠤᠨ ᠡᠷᠡᠭᠦᠯ ᠴᠢᠬᠢᠷᠠᠭ ᠤᠨ ᠬᠦᠮᠦᠵᠢᠯ ᠢ ᠥᠷᠨᠢᠭᠦᠯᠦᠨ᠎ᠡ᠃ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠷᠥᠯ ᠵᠦᠢᠯ ᠳᠤ ᠲᠦᠰᠢᠭᠯᠡᠨ᠂ ᠦᠳᠡᠭᠦᠰ ᠤᠨ ᠠᠶᠢᠽ ᠡᠪᠡᠳᠴᠢᠨ ᠤ ᠪᠠᠶᠢᠴᠠᠭᠠᠨ ᠰᠢᠨᠵᠢᠯᠲᠡ ᠶᠢ ᠪᠡᠶ᠎ᠡ ᠶᠢᠨ ᠡᠷᠡᠭᠦᠯ ᠮᠡᠨᠳᠦ ᠶᠢᠨ | ᠪᠠᠶᠢᠴᠠᠭᠠᠯᠲᠠ ᠳᠤ ᠣᠷᠣᠭᠤᠯᠵᠤ᠂ ᠣᠯᠠᠨ ᠡᠪᠡᠳᠴᠢᠨ ᠢ ᠬᠠᠮᠳᠤᠷᠠᠭᠤᠯᠤᠨ ᠪᠠᠶᠢᠴᠠᠭᠠᠬᠤ ᠶᠢ ᠬᠡᠷᠡᠭᠵᠢᠭᠦᠯᠦᠨ᠎ᠡ᠃ ᠦᠲᠡᠯᠦᠭᠰᠡᠨ ᠬᠠᠯᠳᠠᠪᠤᠷᠢᠯᠠᠭᠳᠠᠭᠰᠠᠳ ᠲᠤ | ᠨᠡᠶᠢᠭᠡᠮ ᠤᠨ ᠬᠠᠶᠢᠷ᠎ᠠ ᠬᠠᠯᠠᠮᠵᠢ ᠭᠦᠷᠲᠡᠬᠡᠬᠦ ᠪᠠᠨ ᠴᠢᠩᠭᠠᠳᠬᠠᠵᠤ᠂ ᠨᠡᠶᠢᠭᠡᠮ ᠤᠨ ᠬᠦᠴᠦᠨ ᠪᠠ ᠰᠠᠶᠢᠨ ᠲᠤᠷᠠᠴᠤᠤᠯ ᠤᠨ ᠤᠷᠢᠳᠴᠢᠯᠠᠨ ᠰᠡᠷᠭᠡᠶᠢᠯᠡᠵᠦ ᠵᠢᠯᠤᠭᠤᠳᠤᠨ | ᠨᠦᠯᠦᠬᠡᠯᠡᠬᠦ ᠠᠵᠢᠯ ᠳᠤ ᠣᠷᠣᠯᠴᠠᠬᠤ ᠶᠢ ᠨᠢ ᠵᠣᠷᠢᠭᠵᠢᠭᠤᠯᠵᠤ᠂ ᠢᠳᠡᠷ ᠦᠳᠡᠭᠦᠰ ᠤᠨ ᠠᠮᠤᠷ ᠲᠦᠪᠰᠢᠨ ᠪᠤᠰᠤ ᠬᠤᠷᠢᠴᠠᠯ ᠤᠨ ᠠᠵᠢᠯᠯᠠᠭ᠎ᠠ ᠶᠢ ᠪᠠᠭᠠᠰᠬᠠᠨ᠎ᠠ᠃ | ︵ᠲᠠᠪᠤ︶ ᠵᠢᠱᠢᠶ᠎ᠡ ᠦᠵᠡᠭᠦᠯᠦᠨ ᠬᠥᠲᠥᠯᠥᠨ ᠵᠢᠯᠣᠭᠤᠳᠬᠤ ᠪᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠭᠠᠵᠠᠷ ᠣᠷᠣᠨ ᠤ ᠰᠡᠷᠭᠡᠶᠢᠯᠡᠨ ᠵᠠᠰᠠᠬᠤ ᠠᠵᠢᠯ ᠢ | ᠠᠬᠢᠭᠤᠯᠤᠨ᠎ᠠ | 1. ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠴᠦ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠡᠯ᠎ᠡ ᠵᠢᠱᠢᠶ᠎ᠡ ᠦᠵᠡᠭᠦᠯᠬᠦ | ᠣᠷᠣᠨ ᠨᠢ ᠠᠶᠢᠽ ᠡᠪᠡᠳᠴᠢᠨ ᠤ ᠪᠡᠯᠭᠡ ᠪᠠᠷ ᠳᠠᠮᠵᠢᠨ ᠬᠠᠯᠳᠠᠪᠤᠷᠢᠯᠠᠬᠤ ᠶᠢ ᠬᠤᠷᠢᠭᠯᠠᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠡᠷᠡᠭᠲᠡᠶ ᠶᠢᠨ | ᠢᠵᠢᠯ ᠭᠦᠢᠰᠦᠳᠡᠨ ᠤ ᠬᠤᠭᠤᠷᠤᠨᠳᠤᠬᠢ ᠬᠤᠷᠢᠴᠠᠯ ᠤᠨ ᠠᠵᠢᠯᠯᠠᠭ᠎ᠠ ᠲᠠᠢ ᠭᠦᠮᠦᠰ ᠵᠡᠷᠭᠡ ᠭᠤᠤᠯᠳᠠᠯᠭ᠎ᠠ ᠲᠠᠢ ᠬᠥᠮᠦᠰ ᠢ ᠰᠡᠷᠭᠡᠶᠢᠯᠡᠨ ᠵᠠᠰᠠᠬᠤ᠂ ᠣᠨᠣᠰᠢᠯᠠᠵᠤ | ᠢᠯᠡᠷᠡᠭᠦᠯᠬᠦ ᠶᠢ ᠬᠦᠯᠢᠶᠡᠰᠦᠯᠡᠵᠦ ᠪᠠᠶᠢᠭ᠎ᠠ ᠵᠡᠷᠭᠡ ᠭᠤᠤᠯᠳᠠᠯᠭ᠎ᠠ ᠶᠢᠨ ᠭᠤᠭᠴᠣᠭᠠᠨ ᠤ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ | ᠣᠷᠣᠨ ᠤ ᠪᠣᠳᠠᠲᠠᠶ ᠲᠠᠢ ᠤᠶᠠᠯᠳᠤᠭᠤᠯᠤᠨ ᠣᠯᠠᠨ ᠡᠪᠡᠳᠴᠢᠨ ᠢ ᠬᠠᠮᠲᠤ ᠳᠤ ᠨᠢ ᠰᠡᠷᠭᠡᠶᠢᠯᠡᠬᠦ ᠶᠢ ᠠᠬᠢᠭᠤᠯᠵᠤ᠂ ᠠᠳᠠᠯᠢ ᠪᠤᠰᠤ ᠦᠷᠪᠢᠰᠦᠨ ᠳᠡᠯᠭᠡᠷᠡᠬᠦ ᠬᠢᠷᠢ | ᠬᠡᠮᠵᠢᠶ᠎ᠡ᠂ ᠠᠳᠠᠯᠢ ᠪᠤᠰᠤ ᠲᠠᠷᠬᠠᠭᠠᠯᠲᠠ ᠶᠢᠨ ᠣᠨᠴᠠᠯᠢᠭ ᠲᠤ ᠬᠠᠨᠳᠤᠭᠤᠯᠤᠭᠰᠠᠨ ᠠᠵᠢᠯ ᠤᠨ ᠠᠷᠭ᠎ᠠ ᠵᠠᠮ ᠢ ᠰᠦᠪᠡᠭᠴᠢᠯᠡᠵᠦ᠂ ᠥᠪᠡᠷᠮᠢᠴᠡ ᠣᠨᠴᠠᠯᠢᠭ ᠲᠠᠢ᠂ | ᠳᠠᠭᠤᠷᠢᠶᠠᠵᠤ ᠪᠣᠯᠬᠤ ᠪᠠ ᠳᠡᠯᠭᠡᠷᠡᠭᠦᠯᠵᠦ ᠪᠣᠯᠬᠤᠶᠢᠴᠠ ᠰᠡᠷᠭᠡᠶᠢᠯᠡᠨ ᠬᠤᠷᠢᠭᠯᠠᠬᠤ ᠬᠡᠪ ᠵᠠᠭᠪᠤᠷ ᠢ ᠪᠣᠶ ᠪᠣᠯᠭᠠᠨ᠎ᠠ᠃ | 2. ᠭᠤᠣᠯᠳᠠᠯᠭ᠎ᠠ ᠲᠠᠢ ᠭᠠᠵᠠᠷ ᠣᠷᠣᠨ ᠢ ᠰᠡᠷᠭᠡᠶᠢᠯᠡᠨ ᠵᠠᠰᠠᠬᠤ ᠠᠵᠢᠯ ᠢᠶᠠᠨ ᠴᠢᠩᠭᠠᠳᠬᠠᠨ᠎ᠠ᠃ ᠭᠤᠤᠯᠳᠠᠯᠭ᠎ᠠ ᠲᠠᠢ ᠭᠠᠵᠠᠷ ᠣᠷᠣᠨ ᠢ ᠮᠠᠭᠠᠳᠯᠠᠨ | ᠲᠤᠨᠨᠲᠠᠭᠠᠬᠤ ᠪᠠᠷᠢᠮᠵᠢᠶ᠎ᠠ ᠪᠠᠨ ᠰᠤᠳᠤᠯᠤᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠠᠶᠢᠽ | ᠡᠪᠡᠳᠴᠢᠨ ᠢ ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠭᠠᠵᠠᠷ ᠣᠷᠣᠨ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠡ᠃ ᠭᠤᠤᠯᠳᠠᠯᠭ᠎ᠠ ᠲᠠᠢ ᠭᠠᠵᠠᠷ | ᠣᠷᠣᠨ ᠢᠶᠠᠷ ᠲᠣᠭᠲᠠᠭᠠᠭᠰᠠᠨ ᠠᠶᠢᠮᠠᠭ ᠬᠤᠲᠠ ᠪᠠ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠡᠬᠢ ᠪᠠᠶᠠᠯᠢᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ ︽ | ᠨᠢᠭᠡ ᠭᠠᠵᠠᠷ ᠣᠷᠣᠨ ᠳᠤ ᠨᠢᠭᠡ ᠲᠦᠰᠦᠯ︾ ᠠᠪᠴᠤ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠲᠣᠭᠲᠠᠴᠠ ᠶᠢ ᠪᠦᠷᠢᠨᠰᠢᠬᠦᠯᠵᠦ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠬᠦ ᠪᠠ ᠣᠷᠣᠨ ᠪᠦᠰᠡ ᠶᠢᠨ ᠬᠠᠮᠵᠢᠯᠴᠠᠭ᠎ᠠ ᠪᠠᠨ ᠴᠢᠩᠭᠠᠷᠠᠭᠤᠯᠵᠤ᠂ | ᠶᠡᠷᠦᠩᠬᠡᠶᠢᠯᠡᠨ ᠵᠢᠯᠣᠭᠤᠳᠴᠤ ᠨᠥᠯᠥᠭᠡᠯᠡᠬᠦ᠂ ᠪᠠᠶᠢᠴᠠᠭᠠᠨ ᠰᠢᠨᠵᠢᠵᠦ ᠡᠮᠨᠡᠨ ᠵᠠᠰᠠᠬᠤ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠵᠡᠷᠭᠡ ᠠᠵᠢᠯ ᠢ ᠬᠠᠮᠲᠤᠷᠠᠨ | ᠥᠷᠨᠢᠭᠦᠯᠦᠨ᠎ᠡ᠃ ᠬᠢᠯᠢ ᠶᠢᠨ ᠪᠣᠭᠤᠮᠲᠠ ᠶᠢᠨ ᠭᠠᠵᠠᠷ ᠣᠷᠣᠨ ᠨᠤᠭᠤᠳ ᠬᠥᠷᠰᠢ ᠵᠡᠷᠭᠡᠯᠡᠳᠡᠭᠡ ᠤᠯᠤᠰ ᠪᠠ ᠭᠠᠵᠠᠷ ᠣᠷᠣᠨ ᠤ ᠪᠠᠨ ᠠᠶᠢᠽ ᠡᠪᠡᠳᠴᠢᠨ ᠤ | ᠬᠢᠵᠢᠭ ᠤᠨ ᠪᠠᠶᠢᠳᠠᠯ ᠤᠨ ᠠᠬᠢᠴᠠ ᠶᠢ ᠴᠠᠭ ᠲᠤᠬᠠᠶ ᠳᠤ ᠨᠢ ᠣᠶᠢᠯᠠᠭᠠᠵᠤ᠂ ᠬᠠᠨᠳᠤᠯᠭᠠᠲᠤ ᠴᠢᠨᠠᠷᠲᠠᠶ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠶ᠃ | | ︵ᠵᠢᠷᠭᠤᠭ᠎ᠠ︶ ᠶᠡᠷᠦᠩᠬᠡᠶᠢᠯᠡᠨ ᠵᠠᠰᠠᠬᠤ ᠶᠢ ᠭᠦᠨᠵᠡᠭᠡᠶᠢᠷᠡᠭᠦᠯᠵᠦ᠂ ᠰᠡᠷᠭᠡᠶᠢᠯᠡᠨ ᠵᠠᠰᠠᠬᠤ ᠦᠷ᠎ᠡ ᠪᠦᠲᠦᠭᠡᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ | 1. ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠬᠠᠤᠯᠢ ᠶᠣᠰᠣᠭᠠᠷ ᠥᠷᠨᠢᠭᠦᠯᠦᠨ᠎ᠡ᠃ ᠱᠠᠯᠢᠭ ᠵᠠᠪᠬᠠᠢ ᠵᠦᠢᠯ ᠳᠤ ᠬᠤᠯᠪᠤᠨᠨᠳᠠᠬᠤ ᠵᠡᠷᠭᠡ ᠬᠠᠤᠯᠢ ᠶᠢ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠶᠢᠽ ᠡᠪᠡᠳᠴᠢᠨ ᠤ ᠲᠠᠷᠬᠠᠭᠠᠯᠲᠠ ᠳᠤ ᠬᠤᠯᠪᠤᠨᠨᠳ᠋ᠬᠠᠰᠠᠨ ᠠᠶᠤᠯᠲᠠᠶ ᠦᠢᠯᠡ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠰᠢᠢᠳᠪᠦᠷᠢᠯᠡᠨ᠂ ᠠᠶᠢᠽ ᠡᠪᠡᠳᠴᠢᠨ ᠢ ᠵᠣᠷᠢᠭᠤᠳᠠ ᠲᠠᠷᠬᠠᠭᠠᠭᠰᠠᠨ ᠰᠡᠵᠢᠭᠯᠡᠯᠲᠡᠶ ᠬᠡᠷᠡᠭ ᠢ ᠴᠠᠭ | ᠲᠤᠬᠠᠶ ᠳᠤ ᠨᠢ ᠬᠠᠤᠯᠢ ᠶᠣᠰᠣᠭᠠᠷ ᠬᠡᠷᠡᠭ ᠪᠣᠯᠭᠠᠨ ᠲᠠᠩᠰᠠᠯᠠᠵᠤ ᠲᠤᠷᠰᠢᠨ ᠪᠠᠶᠢᠴᠠᠭᠠᠨ᠎ᠠ᠃ ᠪᠠᠷᠢᠪᠴᠢᠯᠠᠭᠰᠠᠨ ᠶᠠᠩᠬᠠᠯᠠᠬᠤ ᠪᠠ ᠶᠠᠩᠬᠠᠨ ᠳᠤ ᠣᠷᠣᠬᠤ᠂ ᠣᠯᠠᠭᠤᠯᠠ | ᠨᠡᠶᠢᠯᠡᠵᠦ ᠰᠠᠳᠤᠷᠯᠠᠵᠤ ᠵᠠᠪᠬᠠᠶᠢᠷᠠᠬᠤ᠂ ᠬᠤᠤᠷ ᠲᠠᠲᠠᠬᠤ ᠪᠠ ᠬᠤᠣᠷᠲᠤ ᠡᠳ᠋ ᠫᠠᠨᠽᠠᠯᠠᠬᠤ ᠬᠥᠮᠦᠰ ᠲᠤ ᠴᠥᠮ ᠠᠶᠢᠽ ᠡᠪᠡᠳᠴᠢᠨ ᠤ ᠪᠠᠶᠢᠴᠠᠭᠠᠨ ᠰᠢᠨᠵᠢᠯᠲᠡ ᠬᠢᠵᠦ | ᠂ ᠬᠠᠯᠳᠠᠪᠤᠷᠢᠯᠠᠭᠰᠠᠳ ᠢ ᠭᠤᠤᠯᠳᠠᠯᠭ᠎ᠠ ᠲᠠᠢ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠬᠤ ᠶᠢᠨ ᠬᠠᠮᠲᠤ ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ ᠬᠢᠬᠦ | ᠬᠡᠷᠡᠭᠲᠡᠶ᠃ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ᠂ ᠰᠦᠯᠵᠢᠶᠡᠨ ᠤ ᠲᠠᠪᠴᠠᠩ ᠪᠠ ᠨᠡᠶᠢᠭᠡᠮ ᠤᠨ ᠬᠠᠷᠢᠯᠴᠠᠭᠠᠨ ᠤ ᠵᠥᠭᠡᠯᠡᠨ ᠬᠡᠷᠡᠭᠰᠡᠯ ᠲᠠᠬᠢ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠬᠠᠮᠢᠶ᠎ᠠ ᠪᠥᠬᠦᠶ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠰᠠᠯᠠᠭ᠎ᠠ | ᠮᠥᠴᠢᠷ ᠲᠠᠢ ᠬᠠᠮᠵᠢᠯᠴᠠᠨ ᠲᠦᠭᠰᠢᠭᠦᠷᠢ ᠶᠢᠨ ᠰᠠᠨᠠᠭᠤᠯᠤᠮᠵᠢ ᠶᠢᠨ ᠮᠡᠳᠡᠭᠡ ᠵᠠᠩᠭᠢ ᠶᠢ ᠨᠡᠶᠢᠲᠡᠯᠡᠨ᠎ᠡ᠃ ᠬᠠᠤᠯᠢ ᠪᠤᠰᠤ ᠪᠠᠷ ᠴᠢᠰᠤ ᠠᠪᠴᠤ ᠴᠢᠰᠤ ᠬᠠᠩᠭᠠᠬᠤ ᠪᠠ | ᠪᠤᠰᠤᠳ ᠢ ᠵᠣᠬᠢᠶᠠᠨ ᠪᠠᠶᠢᠭᠤᠯᠵᠤ ᠴᠢᠰᠤ ᠬᠤᠳᠠᠯᠳᠤᠭᠠᠯᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠪᠤᠰᠤ ᠪᠠᠷ ᠡᠮᠴᠢᠯᠡᠬᠦ ᠠᠵᠢᠯᠯᠠᠭ᠎ᠠ ᠳᠤ | ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ᠃ | 2. ᠬᠢᠨᠠᠨ ᠬᠠᠮᠢᠶᠠᠷᠴᠤ ᠪᠠᠶᠢᠭ᠎ᠠ ᠲᠠᠯᠠᠪᠤᠷ ᠭᠠᠵᠠᠷ ᠲᠠᠬᠢ ᠠᠶᠢᠽ ᠡᠪᠡᠳᠴᠢᠨ ᠤ ᠰᠡᠷᠭᠡᠶᠢᠯᠡᠨ ᠵᠠᠰᠠᠯᠲᠠ ᠶᠢ ᠴᠢᠩᠭᠠᠷᠠᠭᠤᠯᠤᠨ᠎ᠠ᠃ ᠬᠢᠨᠠᠨ ᠬᠠᠮᠢᠶᠠᠷᠤᠭᠳᠠᠵᠤ | ᠪᠠᠶᠢᠭ᠎ᠠ ᠬᠥᠮᠦᠰ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠬᠥᠮᠦᠵᠢᠯ ᠢ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠴᠤ ᠪᠠᠶᠢᠭ᠎ᠠ ᠲᠠᠯᠠᠪᠤᠷ | ᠭᠠᠵᠠᠷ ᠤᠨ ᠬᠢᠨ ᠬᠢᠨᠠᠨ ᠬᠠᠮᠢᠶᠠᠷᠬᠤ ᠬᠤᠭᠤᠴᠠᠭ᠎ᠠ ᠨᠢ ᠭᠤᠷᠪᠠᠨ ᠰᠠᠷ᠎ᠠ ᠠᠴᠠ ᠳᠡᠭᠡᠭᠰᠢ ᠪᠤᠶᠤ ᠬᠢᠨᠠᠨ ᠬᠠᠮᠢᠶᠠᠷᠤᠭᠳᠠᠬᠤ ᠠᠴᠠ ᠪᠠᠨ ᠡᠮᠦᠨ᠎ᠡ ᠶᠠᠩᠬᠠᠯᠬᠠᠰᠠᠨ ᠪᠠ | ᠶᠠᠩᠬᠠᠨ ᠳᠤ ᠤᠷᠤᠨᠨᠰᠠᠨ᠂ ᠬᠤᠤᠷ ᠳᠠᠳ᠋ᠬᠠᠰᠠᠨ ᠵᠡᠷᠭᠡ ᠦᠢᠯᠡ ᠠᠵᠢᠯᠯᠠᠭ᠎ᠠ ᠲᠠᠢ ᠬᠢᠨᠠᠨ ᠬᠠᠮᠢᠶᠠᠷᠤᠭᠳᠠᠵᠤ ᠪᠠᠶᠢᠭ᠎ᠠ ᠬᠥᠮᠦᠰ ᠲᠤ ᠴᠥᠮ ᠠᠶᠢᠽ ᠡᠪᠡᠳᠴᠢᠨ ᠤ | ᠸᠢᠷᠦ᠋ᠰ ᠤᠨ ᠠᠨᠲ᠋ᠢᠪᠣᠳ ᠤᠨ ᠪᠠᠶᠢᠴᠠᠭᠠᠨ ᠰᠢᠨᠵᠢᠯᠲᠡ ᠬᠢᠵᠦ᠂ ᠬᠠᠯᠳᠠᠪᠤᠷᠢᠯᠠᠭᠰᠠᠳ ᠢ ᠭᠤᠤᠯᠳᠠᠯᠭ᠎ᠠ ᠲᠠᠢ ᠬᠠᠮᠢᠶᠠᠷᠬᠤ ᠬᠡᠪᠴᠢᠶᠡᠨ ᠳᠤ ᠣᠷᠣᠭᠤᠯᠬᠤ ᠶᠢᠨ ᠬᠠᠮᠲᠤ | ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ ᠥᠷᠨᠢᠭᠦᠯᠬᠦ ᠬᠡᠷᠡᠭᠲᠡᠶ᠃ ᠬᠢᠨᠠᠨ ᠬᠠᠮᠢᠶᠠᠷᠴᠤ ᠪᠠᠶᠢᠭ᠎ᠠ ᠲᠠᠯᠠᠪᠤᠷ ᠭᠠᠵᠠᠷ ᠨᠢ ᠣᠷᠣᠨ ᠨᠤᠲᠤᠭ ᠤᠨ ᠡᠪᠡᠳᠴᠢᠨ ᠡᠮᠭᠡᠭ | ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ ᠯᠤᠭ᠎ᠠ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠪᠠᠶᠢᠴᠠᠭᠠᠬᠤ ᠶᠣᠰᠣᠲᠠᠶ ᠪᠦᠬᠦᠨ ᠢ ᠪᠠᠶᠢᠴᠠᠭᠠᠬᠤ ᠶᠢ | ᠪᠡᠶᠡᠯᠡᠭᠦᠯᠬᠦ ᠬᠡᠷᠡᠭᠲᠡᠶ᠃ ᠬᠢᠨᠠᠨ ᠬᠠᠮᠢᠶᠠᠷᠤᠯᠲᠠ ᠠᠴᠠ ᠲᠠᠶᠢᠯᠤᠭᠳᠠᠵᠤ ᠲᠠᠯᠠᠪᠤᠷ ᠭᠠᠵᠠᠷ ᠠᠴᠠ ᠭᠠᠷᠤᠭᠰᠠᠨ ᠬᠥᠮᠦᠰ ᠲᠤ ᠴᠠᠭ ᠲᠤᠬᠠᠶ ᠳᠤ ᠨᠢ ᠭᠠᠵᠠᠷ ᠰᠢᠯᠵᠢᠬᠦᠯᠵᠦ | ᠡᠮᠨᠡᠨ ᠵᠠᠰᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ | 3. ᠬᠤᠣᠷᠲᠤ ᠡᠳ᠋ ᠢ ᠴᠠᠭᠠᠵᠠᠯᠠᠵᠤ ᠠᠶᠢᠽ ᠡᠪᠡᠳᠴᠢᠨ ᠢ ᠰᠡᠷᠭᠡᠶᠢᠯᠡᠬᠦ ᠠᠵᠢᠯ ᠢᠶᠠᠨ ᠦᠷᠭᠦᠯᠵᠢᠯᠡᠨ ᠴᠢᠩᠭᠠᠳᠬᠠᠨ᠎ᠠ᠃ ᠬᠤᠤᠷᠲᠤ ᠡᠳ᠋ ᠴᠠᠭᠠᠵᠠᠯᠠᠬᠤ | ᠠᠵᠢᠯ ᠢ ᠠᠶᠢᠽ ᠡᠪᠡᠳᠴᠢᠨ ᠰᠡᠷᠭᠡᠶᠢᠯᠡᠨ ᠵᠠᠰᠠᠬᠤ ᠯᠤᠭ᠎ᠠ ᠨᠢᠭᠲᠠ ᠤᠶᠠᠯᠳᠤᠭᠤᠯᠵᠤ᠂ ᠬᠤᠤᠷᠲᠤ ᠡᠳ᠋ ᠠᠷᠠᠯᠵᠢᠶᠠᠯᠠᠬᠤ ᠨᠡᠶᠢᠭᠡᠮ ᠤᠨ ᠬᠠᠷᠢᠯᠴᠠᠭᠠᠨ ᠤ | ᠵᠠᠭᠤᠴᠢᠯᠠᠭᠤᠷ᠂ ᠰᠦᠯᠵᠢᠶᠡᠨ ᠤ ᠲᠠᠪᠴᠠᠩ ᠪᠠ ᠬᠤᠪᠢ ᠬᠥᠮᠦᠨ ᠢ ᠴᠠᠭ ᠲᠤᠬᠠᠶ ᠳᠤ ᠨᠢ ᠢᠯᠭᠠᠷᠠᠭᠤᠯᠵᠤ ᠴᠣᠬᠢᠯᠲᠠ ᠥᠭᠭᠦᠨ᠎ᠡ᠃ ᠡᠮ ᠲᠠᠩ ᠢ ᠳᠤᠷ᠎ᠠ ᠪᠠᠷ | ᠬᠡᠷᠡᠭᠯᠡᠬᠦ ᠶᠢ ᠬᠢᠨᠠᠨ ᠰᠢᠨᠵᠢᠬᠦ᠂ ᠣᠨᠴᠠᠭᠠᠶᠢᠯᠠᠨ ᠤᠯᠠᠨ ᠤᠯᠤᠰ ᠤᠨ ᠮᠢᠨᠴᠦᠭᠦᠷᠡᠬᠦᠯᠬᠦ ᠡᠮ ᠤᠨ ᠵᠦᠢᠯ ᠤᠨ ᠵᠠᠬᠢᠷᠤᠨ ᠬᠠᠮᠢᠶᠠᠷᠬᠤ ᠨᠡᠶᠢᠳᠡ ᠶᠢᠨ ᠭᠡᠷ᠎ᠡ ᠳᠤ ᠵᠢᠨᠨᠰᠠᠭᠠᠨ | ᠤᠷᠤᠭᠤᠯᠤᠨᠨᠰᠠᠨ ᠦᠬᠡᠢ ᠣᠷᠣᠯᠠᠬᠤ ᠪᠣᠳᠠᠰ ᠲᠠᠬᠢ ᠬᠢᠨᠠᠨ ᠰᠢᠨᠵᠢᠯᠲᠡ ᠪᠠᠨ ᠦᠷᠭᠦᠯᠵᠢᠯᠡᠨ ᠰᠠᠶᠢᠲᠤᠷ ᠬᠢᠵᠦ᠂ ᠮᠢᠨᠴᠦᠭᠦᠷᠡᠭᠦᠯᠬᠦ ᠡᠮ ᠤᠨ ᠵᠦᠢᠯ ᠪᠠ ᠮᠡᠳᠡᠷᠡᠯ ᠤᠨ | ᠡᠮ ᠤᠨ ᠵᠦᠢᠯ ᠢ ᠬᠢᠨᠠᠨ ᠡᠵᠡᠮᠳᠡᠬᠦ ᠬᠡᠪᠴᠢᠶ᠎ᠡ ᠳᠤ ᠴᠠᠭ ᠲᠤᠬᠠᠶ ᠳᠤ ᠨᠢ ᠲᠤᠬᠢᠷᠠᠭᠤᠯᠤᠯᠳᠠ ᠬᠢᠵᠦ᠂ ᠳᠤᠷ᠎ᠠ ᠪᠠᠷ ᠭᠡᠷᠡᠭᠯᠡᠭᠳᠡᠵᠦ ᠪᠠᠶᠢᠭ᠎ᠠ ᠪᠣᠳᠠᠰ ᠪᠠ ᠬᠠᠤᠯᠢ | ᠪᠤᠰᠤ ᠪᠠᠷ ᠲᠠᠴᠢᠶᠠᠯ ᠬᠦᠳᠡᠯᠭᠡᠬᠦ ᠡᠮ ᠦᠢᠯᠡᠳᠪᠦᠷᠢᠯᠡᠬᠦ ᠪᠠ ᠭᠦᠢᠯᠬᠡᠬᠡᠬᠦ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠶ᠃ ᠬᠤᠤᠷ ᠡᠳ᠋ᠯᠡᠬᠦ ᠶᠢ ᠵᠣᠭᠰᠣᠭᠠᠬᠤ | ᠡᠮ ᠵᠠᠷᠤᠵᠦ ᠦᠷᠭᠦᠯᠵᠢᠯᠡᠨ ᠡᠮᠨᠡᠬᠦ ᠵᠠᠰᠠᠯᠲᠠ ᠶᠢ ᠬᠤᠤᠷ ᠳᠠᠳ᠋ᠬᠠᠴᠢ ᠶᠢ ᠡᠮᠨᠡᠨ ᠵᠠᠰᠠᠵᠤ ᠵᠣᠭᠰᠣᠭᠠᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠬᠤᠤᠷ ᠡᠳ᠋ᠯᠡᠬᠦ ᠶᠢ | ᠵᠣᠭᠰᠣᠭᠠᠬᠤ ᠡᠮ ᠵᠠᠷᠤᠵᠦ ᠦᠷᠭᠦᠯᠵᠢᠯᠡᠨ ᠡᠮᠨᠡᠨ ᠵᠠᠰᠠᠬᠤ ᠡᠮᠴᠢᠯᠡᠭᠡᠨ ᠤ ᠡᠭᠦᠳᠡᠨ ᠡᠮᠨᠡᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠨᠡᠶᠢᠭᠡᠮ | ᠲᠣᠭᠤᠷᠢᠭ ᠠᠴᠠ ᠬᠤᠤᠷ ᠡᠳ᠋ᠯᠡᠬᠦ ᠶᠢ ᠵᠣᠭᠰᠣᠭᠠᠬᠤ᠂ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠡᠳ᠋ᠯᠡᠬᠦ ᠶᠢ ᠵᠣᠭᠰᠣᠭᠠᠬᠤ᠂ ᠨᠡᠶᠢᠭᠡᠮ ᠲᠣᠭᠤᠷᠢᠭ ᠠᠴᠠ | ᠡᠷᠡᠭᠦᠯᠵᠢᠭᠦᠯᠬᠦ ᠶᠢ ᠬᠤᠤᠷ ᠡᠳ᠋ᠯᠡᠬᠦ ᠶᠢ ᠵᠣᠭᠰᠣᠭᠠᠬᠤ ᠡᠮ ᠢᠶᠠᠷ ᠦᠷᠭᠦᠯᠵᠢᠯᠡᠨ ᠡᠮᠨᠡᠬᠦ ᠵᠠᠰᠠᠯᠲᠠ ᠲᠠᠢ ᠵᠤᠯᠭᠠᠯᠳᠤᠭᠤᠯᠬᠤ ᠪᠠ ᠮᠡᠳᠡᠭᠡ ᠵᠠᠩᠭᠢ ᠶᠢ ᠬᠠᠮᠲᠤ ᠳᠤ ᠪᠠᠨ | ᠭᠥᠷᠳᠡᠬᠦ ᠲᠣᠭᠲᠠᠴᠠ ᠪᠠᠨ ᠪᠦᠷᠢᠨᠰᠢᠭᠦᠯᠦᠨ᠎ᠡ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠨᠡᠶᠢᠭᠡᠮ ᠨᠡᠶᠢᠳᠡ ᠶᠢ ᠳᠠᠶᠢᠴᠢᠯᠠᠭᠰᠠᠨ᠂ ᠪᠥᠬᠦ | ᠠᠷᠠᠳ ᠢᠶᠠᠷ ᠢᠶᠠᠨ ᠣᠷᠣᠯᠴᠠᠭᠰᠠᠨ ᠠᠵᠢᠯ ᠤᠨ ᠲᠣᠭᠲᠠᠴᠠ ᠶᠢ ᠪᠦᠷᠢᠨᠰᠢᠬᠦᠯᠦᠨ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠡᠷᠭᠡᠶᠢᠯᠡᠨ ᠵᠠᠰᠠᠬᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠂ | ︽ᠡᠮᠴᠢᠯᠡᠭᠡ᠂ ᠡᠮᠴᠢᠯᠡᠭᠡᠨ ᠤ ᠪᠠᠲᠤᠯᠠᠭ᠎ᠠ᠂ ᠡᠮ ᠡᠮᠨᠡᠯᠭᠡ︾ ᠶᠢᠨ ᠵᠣᠬᠢᠴᠠᠯᠳᠤᠨ ᠬᠥᠭᠵᠢᠬᠦ ᠶᠢ ᠴᠢᠩᠭᠠᠷᠠᠭᠤᠯᠵᠤ᠂ ᠰᠡᠷᠭᠡᠶᠢᠯᠡᠨ ᠵᠠᠰᠠᠬᠤ ᠠᠵᠢᠯ ᠤᠨ ᠨᠡᠶᠢᠯᠡᠮᠡᠯ | ᠬᠦᠴᠦᠨ ᠢ ᠪᠦᠷᠢᠯᠳᠦᠭᠦᠯᠦᠨ᠎ᠡ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠰᠡᠷᠭᠡᠶᠢᠯᠡᠨ ᠵᠠᠰᠠᠬᠤ ᠲᠤᠰᠬᠠᠶ | ᠮᠡᠷᠭᠡᠵᠢᠯ ᠤᠨ ᠠᠵᠢᠯᠳᠠᠨ ᠢ ᠭᠦᠢᠴᠡᠳ ᠲᠣᠬᠢᠷᠠᠭᠤᠯᠬᠤ ᠪᠦᠬᠡᠳ ᠰᠢᠯᠢᠳᠡᠭ ᠢ ᠨᠢ ᠲᠣᠬᠢᠷᠠᠭᠤᠯᠵᠤ᠂ ᠰᠡᠷᠭᠡᠶᠢᠯᠡᠨ ᠵᠠᠰᠠᠬᠤ ᠠᠵᠢᠯᠳᠠᠨ ᠢ ᠢᠯᠡᠭᠦᠬᠡᠨ ᠬᠠᠯᠠᠮᠵᠢᠯᠠᠨ | ᠬᠠᠶᠢᠷᠠᠯᠠᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠰᠡᠷᠭᠡᠶᠢᠯᠡᠨ ᠵᠠᠰᠠᠬᠤ ᠲᠠᠢ ᠬᠠᠮᠢᠶᠠᠳᠠᠭᠰᠠᠨ | ᠣᠷᠣᠭᠤᠯᠤᠯᠲᠠ ᠶᠢᠨ ᠲᠥᠷᠥ ᠶᠢᠨ ᠪᠤᠳᠤᠯᠭ᠎ᠠ ᠵᠢᠴᠢ ᠡᠷᠡᠭᠦᠯ ᠬᠠᠮᠠᠭᠠᠯᠠᠯ ᠬᠢᠵᠢᠭ ᠤᠨ ᠰᠡᠷᠭᠡᠶᠢᠯᠡᠯᠲᠡ ᠶᠢᠨ ᠨᠡᠮᠡᠯᠭᠡ ᠨᠡᠮᠡᠭᠦᠷᠢ ᠵᠡᠷᠭᠡ ᠲᠥᠷᠥ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠭᠦᠨ ᠤ ᠲᠥᠷᠥᠯ ᠵᠦᠢᠯ ᠵᠡᠷᠭᠡ ᠲᠠᠢ ᠤᠶᠠᠯᠳᠤᠭᠤᠯᠤᠨ᠂ | ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠭᠤᠤᠯᠯᠠᠬᠤ ᠮᠡᠷᠭᠡᠵᠢᠯ ᠪᠠ ᠵᠠᠩᠭᠢᠯᠠᠭ᠎ᠠ ᠶᠢᠨ ᠠᠷᠭ᠎ᠠ ᠪᠣᠳᠣᠯᠭ᠎ᠠ ᠶᠢᠨ ᠰᠤᠳᠤᠯᠭᠠᠨ ᠥᠷᠨᠢᠭᠦᠯᠬᠦ ᠶᠢ ᠳᠡᠮᠵᠢᠵᠦ᠂ ᠦᠷ᠎ᠡ | ᠪᠦᠲᠦᠭᠡᠯ ᠢ ᠤᠯᠠᠷᠢᠭᠤᠯᠬᠤ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ | ᠳᠥᠷᠪᠡ᠂ ᠵᠢᠭᠠᠨ ᠵᠢᠯᠣᠭᠤᠳᠤᠯᠭ᠎ᠠ ᠪᠠ ᠦᠨᠡᠯᠡᠨ ᠵᠢᠱᠢᠯᠲᠡ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠣᠪᠴᠢᠶ᠎ᠠ ᠨᠢ | ᠲᠥᠷᠥ ᠶᠢᠨ ᠶᠠᠪᠤᠳᠠᠯ ᠤᠨ ᠬᠤᠷᠢᠶᠠᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠺᠣᠮᠢᠰ ᠤᠨ ᠠᠯᠪᠠᠨ ᠬᠡᠷ ᠤᠨ ᠱᠠᠭᠠᠷᠳᠠᠯᠭ᠎ᠠ ᠶᠣᠰᠣᠭᠠᠷ | ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠴᠠᠭᠠᠨ ᠰᠤᠳᠤᠯᠤᠯᠲᠠ ᠪᠠ ᠵᠢᠯᠣᠭᠤᠳᠣᠯᠭ᠎ᠠ ᠥᠷᠨᠢᠭᠦᠯᠵᠦ᠂ ᠱᠠᠳᠤᠴᠢ ᠴᠢᠨᠠᠷᠲᠠᠶ ᠦᠨᠡᠯᠡᠨ ᠵᠢᠱᠢᠯᠲᠡ ᠪᠠ | ᠰᠡᠭᠦᠯᠴᠢ ᠶᠢᠨ ᠬᠤᠭᠤᠴᠠᠭᠠᠨ ᠤ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ | ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠠᠬᠢᠴᠠ ᠪᠠ ᠦᠷ᠎ᠡ ᠪᠦᠲᠦᠭᠡᠮᠵᠢ ᠶᠢ ᠵᠢᠯᠣᠭᠤᠳᠴᠤ ᠦᠨᠡᠯᠡᠨ ᠵᠢᠰᠢᠵᠦ᠂ ᠲᠤᠰ ᠲᠥᠯᠥᠪᠵᠢᠭᠦᠯᠭᠡ ᠶᠢᠨ ᠡᠯ᠎ᠡ ᠵᠦᠢᠯ ᠤᠨ | ᠡᠭᠦᠷᠭᠡ ᠶᠢᠨ ᠲᠤᠭᠤᠰᠢᠯᠠᠭᠳᠠᠨ ᠨᠠᠶᠢᠳᠠᠪᠤᠷᠢᠵᠢᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2025 ᠣᠨ ᠤ 2 ᠳ᠋ᠤᠭᠠᠷ ᠰᠠᠷ᠎ᠠ ᠶᠢᠨ 20 ᠤ ᠡᠳᠦᠷ ᠳᠠᠷᠤᠮᠠᠯᠯᠠᠨ ᠲᠠᠷᠬᠠᠭᠠᠪᠠ | | | | |