ᠤᠳᠤᠷᠢᠳᠬᠤ ᠪᠠᠭ | ᠴᠢᠨ ᠶᠦᠩ ᠫᠢᠩ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ | ᠸᠠᠩ ᠶᠠᠨ ᠯᠢ ᠨᠠᠮ ᠤᠨ ᠬᠤᠷᠢᠶᠠᠨ ᠤ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ ︵ᠲᠤᠰᠢᠶᠠᠯ ᠡᠭᠦᠷᠭᠡᠯᠡᠪᠡ︶ | ᠸᠠᠩ ᠲᠢᠶᠧ ᠵᠢᠶᠦ᠋ᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ | ᠵᠠᠩ ᠯᠤ᠋ ᠢ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ | ᠭᠦᠸᠧ ᠢᠦᠶ ᠰᠢᠶᠠᠩ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ | ᠯᠧᠢ ᠶᠦᠩ ᠰᠢᠶᠠ ᠨᠠᠮ ᠤᠨ ᠬᠤᠷᠢᠶᠠᠨ ᠤ ᠭᠡᠰᠢᠭᠦᠨ᠂ ᠶᠡᠷᠦᠩᠬᠡᠶ ᠨᠢᠭᠲᠠᠯᠠᠨ ᠪᠣᠳᠣᠭᠴᠢ | ᠦ᠋ ᠭᠠᠢ ᠰᠢᠶᠠᠩ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠳᠤᠪᠴᠢᠶᠠᠨ ᠤ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠭᠠᠶᠢᠯᠢ ᠶᠢᠨ ᠶᠠᠪᠤᠳᠠᠯ ᠤᠨ | ᠳᠤᠪᠴᠢᠶᠠᠨ ᠤ ᠭᠤᠤᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠦᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠵᠦ᠂ ᠨᠠᠮ ᠤᠨ ᠪᠠᠶᠢᠭᠤᠯᠤᠯᠲᠠ ᠪᠠ | ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵ᠬᠤᠶᠠᠷ︶ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠤᠨ ᠬᠤᠯᠪᠣᠭᠳᠠᠯ ᠪᠥᠬᠦᠢ ᠭᠠᠶᠢᠯᠢ ᠶᠢᠨ ᠪᠤᠰᠤ ᠣᠷᠣᠯᠭ᠎ᠠ ᠶᠢᠨ | ᠬᠠᠤᠯᠢ ᠲᠣᠭᠲᠠᠭᠠᠯ᠂ ᠲᠥᠷᠢᠮ ᠲᠣᠭᠲᠠᠭᠠᠯ ᠪᠣᠯᠤᠨ ᠵᠢᠷᠤᠮᠵᠢᠭᠰᠠᠨ ᠪᠢᠴᠢᠭ ᠮᠠᠲ᠋ᠧᠷᠢᠶᠠᠯ ᠢ ᠲᠤᠤᠱᠯᠠᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠪᠣᠳᠠᠲᠠᠶ | ᠬᠡᠷᠡᠭᠵᠢᠭᠦᠯᠬᠦ ᠠᠷᠭ᠎ᠠ ᠶᠢ ᠰᠤᠳᠤᠯᠤᠨ ᠲᠣᠭᠲᠠᠭᠠᠨ᠎ᠠ᠃ ᠤᠯᠤᠰ ᠠᠴᠠ ᠲᠣᠭᠲᠠᠭᠠᠭᠰᠠᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ︵ᠭᠤᠷᠪᠠ︶ ᠲᠤᠰ ᠳᠤᠪᠴᠢᠶᠠᠨ ᠤ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠤᠨ ᠬᠤᠯᠪᠣᠭᠳᠠᠯ ᠪᠥᠬᠦᠢ ᠭᠠᠶᠢᠯᠢ ᠶᠢᠨ | ᠪᠤᠰᠤ ᠣᠷᠣᠯᠭ᠎ᠠ ᠶᠢᠨ ᠤᠷᠲᠤᠪᠲᠤᠷ ᠪᠠ ᠤᠷᠳᠤ ᠬᠤᠭᠤᠴᠠᠭᠠᠨ ᠤ ᠲᠥᠯᠥᠪᠵᠢᠭᠦᠯᠭᠡ ᠶᠢ ᠬᠠᠷᠢᠭᠤᠴᠠᠨ ᠰᠤᠳᠤᠯᠤᠨ ᠲᠣᠭᠲᠠᠭᠠᠵᠤ᠂ ᠭᠠᠶᠢᠯᠢ ᠲᠠᠲᠠᠪᠤᠷᠢ᠂ ᠨᠡᠶᠢᠭᠡᠮ | ᠤᠨ ᠳᠠᠭᠠᠳᠬᠠᠯ ᠤᠨ ᠵᠠᠷᠤᠳᠠᠯ ᠪᠣᠯᠤᠨ ᠬᠤᠯᠪᠣᠭᠳᠠᠯ ᠪᠥᠬᠦᠢ ᠭᠠᠶᠢᠯᠢ ᠶᠢᠨ ᠪᠤᠰᠤ ᠣᠷᠣᠯᠭ᠎ᠠ ᠶᠢᠨ ᠲᠥᠰᠦᠪ ᠤᠨ ᠬᠠᠷᠠᠯᠲᠠ ᠶᠢ ᠲᠤᠭᠤᠷᠪᠢᠨ ᠲᠣᠭᠲᠠᠭᠠᠬᠤ ᠳᠤ | ᠣᠷᠣᠯᠴᠠᠬᠤ ᠶᠢᠨ ᠬᠠᠮᠲᠤ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠰ ᠳᠤᠪᠴᠢᠶᠠᠨ ᠤ ᠭᠠᠶᠢᠯᠢ ᠲᠠᠲᠠᠪᠤᠷᠢ᠂ ᠨᠡᠶᠢᠭᠡᠮ ᠤᠨ | ᠳᠠᠭᠠᠳᠬᠠᠯ ᠤᠨ ᠰᠦᠢᠳᠬᠡᠯ ᠪᠠ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠨᠢᠭᠡᠳᠦᠯᠲᠡᠶ ᠲᠣᠭᠠᠴᠠᠭ᠎ᠠ ᠬᠢᠬᠦ ᠠᠵᠢᠯ ᠢ ᠬᠠᠷᠢᠭᠤᠴᠠᠨ᠎ᠠ᠃ | ᠣᠷᠣᠯᠭ᠎ᠠ ᠶᠢᠨ ᠵᠠᠳᠠᠯᠤᠨ ᠳᠦᠰᠦᠬᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠳᠥᠷᠪᠡ︶ ᠭᠠᠶᠢᠯᠢ ᠲᠠᠲᠠᠪᠤᠷᠢ ᠶᠢᠨ ᠠᠵᠤ ᠠᠬᠤᠶ ᠶᠢᠨ ᠵᠠᠳᠠᠯᠤᠯᠲᠠ ᠪᠠ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠨᠦᠯᠦᠭᠡᠯᠡᠯ ᠤᠨ | ᠵᠠᠳᠠᠯᠤᠯᠲᠠ ᠬᠢᠬᠦ ᠶᠢ ᠬᠠᠷᠢᠭᠤᠴᠠᠨ ᠥᠷᠨᠢᠭᠦᠯᠵᠦ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠳᠤᠪᠴᠢᠶᠠᠨ ᠤ ᠣᠷᠳᠣᠰ ᠬᠤᠲᠠ ᠶᠢᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠪᠠ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠰᠢᠢᠳᠪᠦᠷᠢᠲᠤ ᠪᠣᠳᠣᠯᠭ᠎ᠠ ᠶᠢᠨ ᠯᠠᠪᠯᠠᠯᠲᠠ ᠬᠠᠩᠭᠠᠨ᠎ᠠ᠃ | ︵ᠲᠠᠪᠤ︶ ᠬᠠᠷᠢᠶᠠᠲᠤ ᠣᠷᠣᠨ ᠤ ᠪᠠᠨ ᠳᠣᠲᠣᠷᠠᠬᠢ ᠡᠯ᠎ᠡ ᠵᠤᠶᠢᠯ ᠤᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠣᠯᠤᠨ | ᠬᠤᠯᠪᠣᠭᠳᠠᠯ ᠪᠥᠬᠦᠶ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠬᠤ ᠬᠠᠮᠢᠶᠠᠷᠤᠯᠲᠠ ᠶᠢ ᠬᠠᠷᠢᠭᠤᠴᠠᠨ᠎ᠠ᠃ ᠭᠠᠶᠢᠯᠢ ︵ᠰᠦᠢᠳᠬᠡᠯ︶ ᠶᠢᠨ ᠢᠷᠡᠯᠳᠡ ᠶᠢ ᠬᠢᠨᠠᠨ | ᠡᠵᠡᠮᠰᠢᠬᠦ ᠪᠠ ᠲᠦᠭᠰᠢᠭᠦᠷᠢ ᠶᠢᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠮᠤ ᠠᠵᠤ ᠠᠬᠤᠶᠢᠯᠠᠯ ᠪᠠ ᠪᠠᠶᠢᠭᠠᠯᠢ ᠬᠥᠮᠦᠨ ᠤ ᠭᠠᠶᠢᠯᠢ | ᠲᠠᠲᠠᠪᠤᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ︵ᠵᠢᠷᠭᠤᠭ᠎ᠠ︶ ᠲᠣᠰ ᠳᠤᠪᠴᠢᠶᠠᠨ ᠤ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠠ ᠬᠤᠯᠪᠣᠭᠳᠠᠯ ᠪᠥᠬᠦᠶ ᠭᠠᠶᠢᠯᠢ ᠶᠢᠨ | ᠪᠤᠰᠤ ᠣᠷᠣᠯᠭ᠎ᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠭᠠᠶᠢᠯᠢ ᠲᠤᠰᠢᠶᠠᠬᠤ | ᠦᠢᠯᠡᠴᠢᠯᠡᠭᠡ᠂ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠶᠢᠯᠢ ᠲᠤᠰᠢᠶᠠᠭᠴᠢ᠂ ᠰᠦᠢᠳᠬᠡᠯ | ᠲᠤᠰᠢᠶᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠠ ᠬᠤᠯᠪᠣᠭᠳᠠᠯ ᠪᠥᠬᠦᠶ | ᠭᠠᠶᠢᠯᠢ ᠶᠢᠨ ᠪᠤᠰᠤ ᠣᠷᠣᠯᠭ᠎ᠠ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠰᠢᠢᠳᠬᠡᠯ ᠤᠨ ᠭᠡᠷᠡᠴᠢᠯᠡᠯᠲᠡ ᠰᠣᠨᠣᠰᠬᠤ᠂ ᠵᠠᠰᠠᠭ ᠵᠠᠬᠢᠷᠭ᠎ᠠ ᠪᠠᠷ ᠳᠠᠬᠢᠨ ᠵᠥᠪᠯᠡᠬᠦ | ᠪᠠ ᠵᠠᠰᠠᠭ ᠵᠠᠬᠢᠷᠭᠠᠨ ᠤ ᠵᠠᠷᠭᠤ ᠶᠢᠨ ᠵᠦᠢᠯᠡᠰ ᠢ ᠡᠭᠦᠷᠭᠡᠯᠡᠨ᠎ᠡ᠃ | ︵ᠲᠤᠯᠤᠭ᠎ᠠ︶ ᠬᠠᠷᠢᠶᠠᠲᠤ ᠣᠷᠣᠨ ᠤ ᠪᠠᠨ ᠳᠣᠲᠣᠷᠠᠬᠢ ᠤᠯᠤᠰ ᠤᠨ ᠬᠤᠭᠤᠷᠣᠨᠳᠣᠬᠢ ᠭᠠᠶᠢᠯᠢ ᠲᠠᠲᠠᠪᠤᠷᠢ ᠪᠣᠯᠤᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠭᠠᠶᠢᠯᠢ ᠠᠴᠠ ᠵᠠᠶᠢᠯᠠᠬᠤ ᠶᠢ ᠡᠰᠡᠷᠭᠦᠴᠡᠬᠦ ᠪᠠᠶᠢᠴᠠᠭᠠᠯᠲᠠ ᠪᠣᠯᠤᠨ | ᠭᠠᠳᠠᠭᠠᠳᠤ ᠭᠠᠷᠭᠠᠯᠲᠠ ᠶᠢᠨ ᠭᠠᠶᠢᠯᠢ ᠶᠢ ᠪᠤᠴᠠᠭᠠᠬᠤ ᠶᠠᠪᠤᠳᠠᠯ ᠢ ᠭᠦᠢᠴᠡᠳᠬᠡᠬᠦ ᠶᠢ ᠵᠣᠬᠢᠶᠠᠨ ᠪᠠᠶᠢᠭᠤᠯᠤᠨ᠎ᠠ᠃ | ︵ᠨᠠᠢᠮᠠ︶ ᠥᠷᠳᠡᠭ ᠨᠡᠮᠡᠭᠳᠡᠯ ᠤᠨ ᠭᠠᠶᠢᠯᠢ ᠶᠢᠨ ᠲᠤᠰᠬᠠᠶ ᠪᠠᠷᠢᠮᠲᠠ᠂ ᠡᠩ ᠤᠨ ᠪᠠᠷᠢᠮᠲᠠ ᠪᠣᠯᠤᠨ ᠪᠤᠰᠤᠳ ᠡᠯ᠎ᠡ ᠲᠥᠷᠥᠯ ᠤᠨ ᠪᠠᠷᠢᠮᠲᠠ ᠶᠢᠨ | ᠬᠠᠮᠢᠶᠠᠷᠤᠯᠲᠠ ᠶᠢ ᠬᠠᠷᠢᠭᠤᠴᠠᠨ᠎ᠠ᠃ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ | ᠣᠷᠣᠯᠭ᠎ᠠ ᠶᠢᠨ ᠪᠠᠷᠢᠮᠲᠠ ᠲᠡᠮᠳᠡᠭ ᠤᠨ ᠬᠠᠮᠢᠶᠠᠷᠤᠯᠲᠠ ᠶᠢ ᠬᠠᠷᠢᠭᠤᠴᠠᠨ᠎ᠠ᠃ | ︵ᠶᠢᠰᠦ︶ ᠲᠣᠰ ᠳᠤᠪᠴᠢᠶᠠᠨ ᠤ ᠪᠠᠨ ᠡᠯ᠎ᠡ ᠵᠤᠶᠢᠯ ᠤᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠠ ᠬᠤᠯᠪᠣᠭᠳᠠᠯ ᠪᠥᠬᠦᠶ | ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠲᠤᠭ᠎ᠠ ᠪᠠᠷᠢᠮᠲᠠ ᠶᠢᠨ ᠵᠠᠰᠠᠯᠲᠠ ᠶᠢᠨ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ | ︵ᠠᠷᠪᠠ︶ ᠲᠣᠰ ᠳᠤᠪᠴᠢᠶᠠᠨ ᠤ ᠪᠠᠨ ᠳᠣᠲᠣᠭᠠᠳᠤ ᠶᠢᠨ ᠡᠵᠡᠮᠳᠡᠬᠦ ᠲᠣᠭᠲᠠᠴᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠲᠣᠰ | ᠳᠤᠪᠴᠢᠶᠠᠨ ᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠤ ᠪᠣᠳᠣᠯᠭ᠎ᠠ ᠶᠢ ᠲᠤᠤᠱᠯᠠᠭᠤᠯᠤᠨ | ᠬᠡᠷᠡᠭᠵᠢᠭᠦᠯᠦᠭᠰᠡᠨ ᠵᠢᠴᠢ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢᠨ ᠪᠠᠶᠢᠳᠠᠯ ᠢ ᠰᠢᠪᠠᠳᠠᠨ ᠪᠠᠶᠢᠴᠠᠭᠠᠵᠤ ᠰᠢᠪᠠᠳᠠᠨ ᠭᠦᠢᠴᠡᠳᠬᠡᠬᠦ ᠶᠢ | ᠥᠷᠨᠢᠭᠦᠯᠵᠦ᠂ ᠭᠠᠶᠢᠯᠢ ᠲᠠᠲᠠᠪᠤᠷᠢ ᠶᠢᠨ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠲᠤᠰ ᠲᠣᠪᠴᠢᠶᠠᠨ ᠤ ᠦᠨᠳᠦᠰᠦᠨ ᠱᠠᠲᠤᠨ ᠤ ᠪᠠᠶᠢᠭᠤᠯᠤᠯᠲᠠ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ | ᠠᠵᠢᠯ ᠢ ᠬᠠᠷᠢᠭᠤᠴᠠᠵᠤ᠂ ᠤᠳᠤᠷᠢᠳᠬᠤ ᠪᠠᠭ ᠪᠣᠯᠤᠨ ᠪᠡᠯᠡᠳᠬᠡᠯ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠭᠠᠶᠢᠯᠢ ᠶᠢᠨ ᠶᠠᠪᠤᠳᠠᠯ ᠤᠨ | ᠴᠢᠳᠠᠪᠤᠷᠢᠲᠠᠨ ᠬᠥᠮᠦᠵᠢᠭᠦᠯᠬᠦ ᠪᠠ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠨ᠎ᠡ᠃ ᠲᠤᠰ ᠳᠤᠪᠴᠢᠶᠠᠨ ᠤ ᠪᠠᠨ ᠠᠵᠢᠯ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠪᠠ ᠺᠠᠳ᠋ᠷ ᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠲᠣᠰ ᠳᠤᠪᠴᠢᠶᠠᠨ ᠤ ᠪᠠᠨ ᠪᠠᠶᠢᠭᠤᠯᠤᠮᠵᠢ᠂ ᠣᠷᠣᠨ ᠲᠤᠭ᠎ᠠ᠂ ᠵᠠᠷᠤᠳᠠᠯ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠳᠤᠪᠴᠢᠶᠠᠨ ᠤ ᠣᠷᠳᠣᠰ ᠬᠤᠲᠠ ᠶᠢᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠪᠣᠯᠤᠨ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | | ᠬᠠᠷᠢᠯᠴᠠᠬᠤ ᠬᠠᠶ᠋ᠢᠭ᠄ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠤᠯᠠᠭᠠᠨᠮᠦ᠋ᠷᠡᠨ ᠵᠡᠭᠡᠯᠢ ᠬᠢᠭᠡᠳ ᠬᠤ᠋ ᠪᠢᠨ ᠵᠠᠮ ᠤᠨ ᠠᠭᠤᠯᠵᠠᠷ ᠠᠴᠠ | ᠪᠠᠷᠠᠭᠤᠨ ᠡᠮᠦᠨᠡᠰᠢ 150 ᠮᠧᠲᠷ | ᠠᠵᠢᠯᠯᠠᠬᠤ ᠴᠠᠭ᠄ ᠠᠵᠢᠯᠯᠠᠬᠤ ᠡᠳᠦᠷ᠂ ᠦᠳᠡ ᠶᠢᠨ ᠡᠮᠦᠨᠡᠬᠢ 9᠄ 00 — 12᠄ 00 ᠦᠳᠡ ᠶᠢᠨ ᠬᠤᠶᠢᠨᠠᠬᠢ 14᠄ 00 — 17᠄ | 30 | ᠬᠠᠷᠢᠯᠴᠠᠬᠤ ᠤᠲᠠᠰᠤ᠄ 0477 — 8397658 | |