ᠦᠢᠷ᠎ᠠ ᠳᠤ᠂ ᠰᠢᠨᠬᠤᠸ᠋ᠨ ᠰᠦᠯᠵᠢᠶ᠎ᠡ ᠠᠴᠠ ᠭᠤᠤᠯᠯᠡᠨ ᠡᠷᠬᠢᠯᠡᠭᠰᠡᠨ ᠠᠷᠪᠠᠳᠤᠭᠠᠷ ᠬᠤᠭᠤᠴᠠᠭᠠᠨ ᠤ ᠰᠤᠶᠦᠯ ᠪᠡ ᠵᠤᠭᠠᠴᠠᠯ ᠤᠨ ᠠᠭᠤᠰᠤᠯᠴᠠᠯ ᠬᠢᠭᠡᠳ | ᠰᠢᠨ᠎ᠡ ᠶᠢ ᠡᠭᠦᠳᠬᠦ ᠶᠠᠷᠢᠯᠴᠠᠭᠠᠨ ᠤ ᠲᠠᠪᠴᠠᠩ ᠳᠤ᠂ ᠵᠡᠭᠦᠠᠭᠠᠷ ᠬᠤᠰᠢᠭᠤᠨ ᠤ ︽ᠮᠠᠩᠬᠠᠨ ᠠᠶᠠᠯᠭᠤ ᠶᠢ ᠬᠠᠮᠠᠭᠠᠯᠠᠨ ᠤᠯᠠᠮᠵᠢᠯᠠᠬᠤ ᠰᠢᠰᠲ᠋ᠧᠮ ᠢ ᠪᠤᠢ ᠪᠤᠯᠭᠠᠵᠤ᠂ | ᠪᠤᠳᠠᠰ ᠤᠨ ᠪᠤᠰᠤ ᠰᠤᠶᠤᠯ ᠤᠨ ᠦᠪ ᠤᠨ ᠰᠢᠨ᠎ᠡ ᠶᠢ ᠡᠭᠦᠳᠬᠦ ᠴᠢᠨᠠᠷᠳᠠᠢ ᠬᠦᠭᠵᠢᠯᠳᠡ ᠶᠢ ᠪᠡᠶᠡᠯᠡᠭᠦᠯᠦᠶ᠎ᠡ︾ ᠨᠢ ᠨᠡᠶᠢᠳᠡᠯᠢᠭ ᠵᠢᠱᠢᠶ᠎ᠡ ᠶᠢᠨ ᠡᠮᠬᠢᠳᠭᠡᠯ ᠳᠤ | ᠠᠮᠵᠢᠯᠳᠡ ᠲᠠᠢ ᠪᠠᠷ ᠰᠤᠩᠭᠤᠬᠳᠠᠬᠰᠡᠨ ᠪᠦᠭᠡᠳ ︽2023 ᠤᠨ ᠤ ᠪᠤᠳᠠᠰ ᠤᠨ ᠪᠤᠰᠤ ᠰᠤᠶᠤᠯ ᠤᠨ ᠦᠪ ᠤᠨ ᠰᠢᠯᠢᠳᠡᠭ ᠬᠤᠳᠠ︾ ᠪᠠᠷ ᠦᠨᠡᠯᠡᠭᠳᠡᠵᠤ᠂ | ᠪᠦᠬᠦ ᠤᠷᠤᠨ ᠤ ᠴᠤᠷ ᠤᠨ ᠭᠠᠭᠴᠨ ᠱᠠᠩᠨᠠᠯ ᠬᠦᠷᠳᠡᠭᠰᠡᠨ ᠬᠤᠰᠢᠭᠤ ᠰᠢᠶᠠᠨ ᠪᠤᠯᠤᠬᠰᠡᠨ ᠪᠠᠶᠢᠨ᠎ᠠ᠃ | 1997 ᠤᠨ ᠳᠤ ᠵᠡᠭᠦᠠᠭᠠᠷ ᠬᠤᠰᠢᠭᠤ ᠠᠩᠬᠠᠳᠤᠭᠠᠷ ᠬᠤᠭᠤᠴᠠᠭᠠᠨ ᠤ ᠮᠠᠩᠬᠠᠨ ᠠᠶᠠᠯᠭᠤ ᠶᠢᠨ ᠤᠷᠠᠯᠢᠭ ᠤᠨ ᠨᠠᠶᠢᠷ ᠢ ᠡᠷᠬᠢᠯᠡᠵᠤ᠂ ᠤᠳᠤ ᠪᠤᠯᠳᠠᠯ᠎ᠠ | ᠨᠢᠭᠡᠨᠳᠡ ᠶᠢᠰᠤᠨ ᠬᠤᠭᠤᠴᠠᠭ᠎ᠠ ᠡᠷᠬᠢᠯᠡᠨ ᠬᠢᠭᠰᠡᠨ ᠪᠠᠶᠢᠨ᠎ᠠ᠃ 2023 ᠤᠨ ᠳᠤ᠂ ᠬᠤᠰᠢᠭᠤ ᠰᠤᠶᠤᠯ ᠵᠤᠭᠠᠴᠠᠯ ᠤᠨ ᠲᠤᠪᠴᠢᠶ᠎ᠡ ᠠᠴᠠ ᠰᠤᠮᠤ ᠰᠢᠶᠠᠩ | ᠪᠠᠯᠭᠠᠰᠤ ᠳᠤ ᠨᠡᠶᠢᠳᠡ 14 ᠬᠦᠳᠡᠭᠡ ᠲᠤᠰᠬᠤᠨ ᠤ ᠤᠯᠠᠭᠠᠨᠮᠦ᠋ᠴᠢᠷ ᠢ ᠵᠤᠬᠢᠶᠠᠨ ᠪᠠᠶᠢᠭᠤᠯᠵᠤ᠂ ᠮᠠᠩᠬᠠᠨ ᠠᠶᠠᠯᠭᠤ ᠶᠢ ᠤᠬᠠᠭᠤᠯᠤᠨ ᠲᠦᠭᠡᠮᠡᠯᠵᠢᠭᠦᠯᠬᠦ ᠶᠢ | ᠠᠬᠢᠭᠤᠯᠪᠡ᠃ ᠤᠳᠤᠬᠠᠨ ᠳᠤ᠂ ᠵᠡᠭᠦᠠᠭᠠᠷ ᠬᠤᠰᠢᠭᠤᠨ ᠳᠤ ᠨᠡᠶᠢᠳᠡ 61 ᠮᠠᠩᠬᠠᠨ ᠠᠶᠠᠯᠭᠤ ᠶᠢᠨ ᠵᠠᠯᠭᠠᠮᠵᠢᠯᠠᠬᠴᠢ ᠲᠠᠢ᠂ ᠡᠭᠦᠨ ᠤ ᠲᠤᠳᠤᠷ᠎ᠠ ᠤᠯᠤᠰ ᠤᠨ | ᠲᠡᠰ ᠤᠨ 1 ᠦᠪᠡᠷᠳᠡᠭᠡᠨ ᠵᠠᠰᠠᠬᠤ ᠤᠷᠤᠨ ᠤ ᠲᠡᠰ ᠤᠨ 1᠂ ᠬᠤᠳᠠ ᠶᠢᠨ ᠲᠡᠰ ᠤᠨ 6 ᠪᠠᠶᠢᠨ᠎ᠠ᠃ | | | |