ᠲᠠᠪᠤᠳᠤᠭᠠᠷ ᠪᠦᠯᠦᠭ ᠪᠠᠲᠤᠯᠠᠭ᠎ᠠ ᠶᠢᠨ ᠠᠷᠭ᠎ᠠ | ᠲᠠᠪᠢᠳᠤᠭᠠᠷ ᠵᠦᠢᠯ᠄ ᠤᠯᠤᠰ ᠠᠴᠠ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠣᠶᠢᠯᠠᠭᠠᠭᠳᠠᠬᠤᠨ ᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ | ᠰᠠᠭᠠᠳ ᠦᠭᠡᠢ ᠣᠷᠴᠢᠨ ᠲᠣᠭᠤᠷᠢᠨ ᠤ ᠮᠡᠳᠡᠯᠭᠡ ᠶᠢ ᠲᠦᠭᠡᠮᠡᠯᠵᠢᠭᠦᠯᠵᠦ ᠂ ᠰᠠᠭᠠᠳ ᠦᠭᠡᠢ ᠣᠷᠴᠢᠨ ᠲᠣᠭᠤᠷᠢᠨ ᠤ ᠰᠣᠶᠣᠯ ᠢ ᠤᠯᠠᠮᠵᠢᠯᠠᠨ ᠳᠡᠯᠭᠡᠷᠡᠭᠦᠯᠵᠦ᠂ | ᠨᠡᠶᠢᠭᠡᠮ ᠳᠠᠶᠠᠭᠠᠷ ᠤᠨ ᠬᠢᠨ ᠤ ᠰᠠᠭᠠᠳ ᠦᠭᠡᠢ ᠣᠷᠴᠢᠨ ᠲᠣᠭᠤᠷᠢᠨ ᠤ ᠲᠤᠬᠠᠢ ᠤᠬᠠᠮᠰᠠᠷ ᠢ ᠳᠡᠭᠡᠭᠰᠢᠯᠡᠭᠦᠯᠦᠨ᠎ᠡ᠃ ᠰᠣᠨᠢᠨ ᠮᠡᠳᠡᠭᠡᠨ ᠤ ᠵᠠᠭᠤᠴᠢᠰ ᠰᠠᠭᠠᠳ | ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠢᠳᠡᠪᠬᠢᠲᠡᠢ ᠬᠢᠬᠦ ᠬᠡᠷᠡᠭᠲᠡᠢ᠃ | ᠲᠠᠪᠢᠨ ᠨᠢᠭᠡᠳᠦᠭᠡᠷ ᠵᠦᠢᠯ᠄ ᠤᠯᠤᠰ ᠠᠴᠠ ᠨᠡᠶᠢᠳᠡᠮ ᠬᠡᠷᠡᠭᠯᠡᠭᠡᠨ ᠤ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠢ ᠳᠡᠯᠭᠡᠷᠡᠭᠦᠯᠵᠦ᠂ ᠤᠯᠤᠰ ᠤᠨ ᠪᠠᠷᠢᠮᠵᠢᠶ᠎ᠠ᠂ | ᠠᠵᠢᠯ ᠲᠦᠷᠦᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠠᠭᠠᠭᠤᠯᠬᠤ ᠦᠢᠯᠡᠳᠦᠯ ᠪᠦᠬᠦᠢ ᠪᠦᠯᠬᠦᠮ ᠨᠡᠶᠢᠲᠡ ᠶᠢᠨ | ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠵᠣᠷᠢᠭᠵᠢᠭᠤᠯᠤᠨ ᠬᠥᠭᠵᠢᠭᠦᠯᠵᠦ᠂ ᠪᠠᠷᠢᠮᠵᠢᠶ᠎ᠠ ᠶᠢᠨ ᠬᠤᠭᠤᠷᠣᠨᠳᠣᠬᠢ ᠵᠤᠯᠭᠠᠯᠴᠠᠭ᠎ᠠ ᠬᠠᠮᠵᠢᠯᠴᠠᠭ᠎ᠠ ᠶᠢ | ᠴᠢᠩᠭᠠᠳᠬᠠᠵᠤ᠂ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠤᠨ᠎ᠠ᠃ ᠣᠷᠣᠨ ᠨᠤᠲᠤᠭ ᠤᠨ | ᠬᠢᠨ ᠤ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠭᠰᠠᠨ ᠣᠷᠣᠨ ᠨᠤᠲᠤᠭ ᠤᠨ ᠪᠠᠷᠢᠮᠵᠢᠶ᠎ᠠ ᠨᠢ ᠤᠯᠤᠰ ᠤᠨ ᠪᠠᠷᠢᠮᠵᠢᠶ᠎ᠠ ᠶᠢᠨ | ᠬᠤᠯᠪᠣᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠠᠴᠠ ᠳᠣᠣᠷ᠎ᠠ ᠪᠠᠶᠢᠵᠤ ᠪᠣᠯᠬᠤ ᠦᠭᠡᠢ᠃ | ᠲᠠᠪᠢᠨ ᠬᠤᠶᠠᠳᠤᠭᠠᠷ ᠵᠦᠢᠯ᠄ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ ᠪᠠᠷᠢᠮᠵᠢᠶ᠎ᠠ ᠶᠢ ᠲᠣᠭᠲᠠᠭᠠᠬᠤ ᠪᠤᠶᠤ | ᠵᠠᠰᠠᠪᠤᠷᠢ ᠣᠷᠣᠭᠤᠯᠬᠤ ᠳᠤ ᠵᠡᠮᠳᠡᠭᠴᠦᠳ᠂ ᠨᠠᠰᠤᠲᠠᠶᠢᠴᠤᠳ ᠤᠨ ᠲᠥᠯᠥᠭᠡᠯᠡᠭᠴᠢ ᠪᠣᠯᠣᠨ ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ | ᠵᠣᠬᠢᠶᠠᠨ ᠪᠠᠶᠢᠭᠤᠯᠤᠯᠲᠠ ᠶᠢᠨ ᠬᠢᠨ ᠤ ᠰᠠᠨᠠᠯ ᠢ ᠬᠤᠷᠢᠶᠠᠬᠤ ᠬᠡᠷᠡᠭᠲᠡᠢ᠃ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠲᠣᠭᠲᠠᠭᠠᠬᠤ ᠪᠤᠶᠤ ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ | ᠬᠢᠨ ᠬᠠᠤᠯᠢ ᠶᠣᠰᠣᠭᠠᠷ ᠳᠤᠷᠠᠳᠴᠤ ᠪᠣᠯᠣᠨ᠎ᠠ᠃ | ᠲᠠᠪᠢᠨ ᠭᠤᠷᠪᠠᠳᠤᠭᠠᠷ ᠵᠦᠢᠯ᠄ ᠰᠠᠭᠠᠳ ᠦᠭᠡᠢ ᠣᠷᠴᠢᠨ ᠲᠣᠭᠤᠷᠢᠨ ᠤ ᠵᠢᠷᠤᠭ ᠲᠥᠯᠥᠪᠯᠡᠭᠡ᠂ ᠲᠥᠬᠦᠭᠡᠷᠦᠮᠵᠢ᠂ ᠦᠢᠯᠡᠳᠬᠦᠨ᠂ ᠦᠢᠯᠡᠴᠢᠯᠡᠭᠡ ᠶᠢ | ᠭᠡᠷᠡᠴᠢᠯᠡᠬᠦ ᠪᠠ ᠰᠠᠭᠠᠳ ᠦᠭᠡᠢ ᠣᠷᠴᠢᠨ ᠲᠣᠭᠤᠷᠢᠨ ᠤ ᠮᠡᠳᠡᠭᠡ ᠵᠠᠩᠭᠢ ᠶᠢ ᠦᠨᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠦᠷ᠎ᠡ ᠳ᠋ᠦᠩ ᠢ | ᠦᠨᠡᠮᠰᠢᠭᠦᠯᠦᠨ ᠬᠡᠷᠡᠭᠯᠡᠬᠦ ᠶᠢ ᠤᠯᠤᠰ ᠠᠴᠠ ᠠᠬᠢᠭᠤᠯᠤᠨ᠎ᠠ᠃ | ᠲᠠᠪᠢᠨ ᠳᠥᠷᠪᠡᠳᠦᠭᠡᠷ ᠵᠦᠢᠯ᠄ ᠵᠠᠷᠤᠳᠠᠯ ᠤᠨ ᠳᠡᠮᠵᠢᠯᠭᠡ ᠦᠵᠡᠭᠦᠯᠬᠦ᠂ ᠵᠠᠰᠠᠭ ᠤᠨ ᠣᠷᠳᠣᠨ ᠬᠤᠳᠠᠯᠳᠤᠨ ᠠᠪᠴᠤ ᠥᠭᠬᠦ᠂ ᠭᠠᠶᠢᠯᠢ ᠲᠠᠲᠠᠪᠤᠷᠢ ᠶᠢᠨ | ᠬᠠᠷᠠᠭᠠᠯᠵᠠᠯ ᠦᠵᠡᠭᠦᠯᠬᠦ ᠵᠡᠷᠭᠡ ᠠᠷᠭ᠎ᠠ ᠪᠠᠷ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠳᠤ ᠬᠢ ᠬᠡᠷᠡᠭᠯᠡᠯᠲᠡ ᠶᠢ ᠠᠬᠢᠭᠤᠯᠵᠤ᠂ ᠰᠠᠭᠠᠳ ᠦᠭᠡᠢ ᠣᠷᠴᠢᠨ ᠲᠣᠭᠤᠷᠢᠨ ᠤ ᠮᠡᠷᠭᠡᠵᠢᠯ᠂ ᠦᠢᠯᠡᠳᠬᠦᠨ ᠪᠠ ᠦᠢᠯᠡᠴᠢᠯᠡᠭᠡ ᠶᠢ ᠰᠤᠳᠤᠯᠤᠨ ᠨᠡᠭᠡᠭᠡᠬᠦ᠂ | ᠦᠢᠯᠡᠳᠪᠦᠷᠢᠯᠡᠬᠦ᠂ ᠬᠡᠷᠡᠭᠯᠡᠬᠦ ᠪᠠ ᠳᠡᠯᠭᠡᠷᠡᠭᠦᠯᠬᠦ ᠶᠢ ᠤᠯᠤᠰ ᠠᠴᠠ ᠵᠣᠷᠢᠭᠵᠢᠭᠤᠯᠵᠤ᠂ ᠰᠠᠭᠠᠳ ᠦᠭᠡᠢ ᠲᠥᠬᠦᠭᠡᠷᠦᠮᠵᠢ᠂ ᠮᠡᠳᠡᠭᠡ ᠵᠠᠩᠭᠢ ᠪᠠ ᠦᠢᠯᠡᠴᠢᠯᠡᠭᠡ ᠶᠢ | ᠠᠭᠤᠰᠤᠯᠴᠠᠨ ᠬᠥᠭᠵᠢᠭᠦᠯᠬᠦ ᠶᠢ ᠤᠯᠤᠰ ᠠᠴᠠ ᠳᠡᠮᠵᠢᠨ᠎ᠡ᠃ | ᠲᠠᠪᠢᠨ ᠲᠠᠪᠤᠳᠤᠭᠠᠷ ᠵᠦᠢᠯ᠄ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠬᠦᠷᠢᠶ᠎ᠡ ᠴᠠᠷᠠᠭ᠎ᠠ ᠳᠤ ᠬᠢ | ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢ ᠤᠯᠤᠰ ᠠᠴᠠ ᠪᠠᠶᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠳᠤ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠪᠠ ᠬᠢᠴᠢᠶᠡᠯ ᠨᠡᠭᠡᠭᠡᠵᠦ᠂ | ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠤᠨᠤᠯ ᠤᠨ ᠰᠤᠳᠤᠯᠭᠠᠨ᠂ ᠤᠯᠠᠨ ᠤᠯᠤᠰ ᠤᠨ ᠰᠣᠯᠢᠯᠴᠠᠭ᠎ᠠ ᠪᠠ ᠦᠢᠯᠡᠳᠦᠯᠭᠡ ᠶᠢᠨ | ᠠᠵᠢᠯᠯᠠᠭ᠎ᠠ ᠥᠷᠨᠢᠭᠦᠯᠬᠦ ᠶᠢ ᠤᠯᠤᠰ ᠠᠴᠠ ᠵᠣᠷᠢᠭᠵᠢᠭᠤᠯᠤᠨ᠎ᠠ᠃ ᠪᠠᠷᠢᠯᠭ᠎ᠠ᠂ ᠵᠠᠮ ᠲᠡᠭᠡᠭᠡᠪᠦᠷᠢ᠂ ᠺᠣᠮᠫᠢᠦ᠋ᠲ᠋ᠧᠷ ᠤᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ ᠵᠡᠷᠭᠡ | ᠬᠤᠯᠪᠣᠭᠳᠠᠯ ᠪᠦᠬᠦᠢ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯ ᠳᠤ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠵᠢᠭᠠᠨ | ᠰᠤᠷᠭᠠᠯᠲᠠ ᠪᠠ ᠦᠢᠯᠡᠳᠦᠯᠭᠡ ᠶᠢᠨ ᠠᠭᠤᠯᠭ᠎ᠠ ᠶᠢ ᠨᠡᠮᠡᠬᠦ ᠬᠡᠷᠡᠭᠲᠡᠢ᠂ ᠬᠤᠯᠪᠣᠭᠳᠠᠯ ᠪᠦᠬᠦᠢ ᠬᠦᠷᠢᠶ᠎ᠡ ᠴᠠᠷᠠᠭᠠᠨ ᠤ ᠠᠵᠢᠯ ᠮᠡᠷᠭᠡᠵᠢᠯ ᠤᠨ ᠬᠢᠷᠢ ᠬᠡᠮ᠂ | ᠦᠷᠭᠦᠯᠵᠢᠯᠡᠭᠰᠡᠨ ᠰᠤᠷᠭᠠᠨ ᠬᠥᠮᠦᠵᠢᠯ ᠪᠣᠯᠣᠨ ᠪᠤᠰᠤᠳ ᠪᠣᠯᠪᠠᠰᠤᠷᠠᠯ ᠤᠨ ᠰᠢᠯᠭᠠᠯᠲᠠ ᠶᠢᠨ ᠠᠭᠤᠯᠭ᠎ᠠ ᠳᠤ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠶᠢᠨ ᠮᠡᠳᠡᠯᠭᠡ ᠶᠢ ᠪᠠᠭᠲᠠᠭᠠᠬᠤ ᠬᠡᠷᠡᠭᠲᠡᠢ᠃ | ᠲᠠᠪᠢᠨ ᠵᠢᠷᠭᠤᠳᠤᠭᠠᠷ ᠵᠦᠢᠯ᠄ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠪᠣᠯᠣᠨ ᠨᠡᠶᠢᠭᠡᠮ ᠤᠨ ᠪᠤᠰᠤᠳ | ᠵᠣᠬᠢᠶᠠᠨ ᠪᠠᠶᠢᠭᠤᠯᠤᠯᠲᠠ` ᠶᠢᠨ ᠬᠢᠨ ᠠᠵᠢᠯᠲᠠᠳ ᠲᠤ ᠪᠠᠨ ᠰᠠᠭᠠᠳ ᠦᠭᠡᠢ ᠦᠢᠯᠡᠴᠢᠯᠡᠭᠡᠨ ᠤ ᠮᠡᠳᠡᠯᠭᠡ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠬᠢᠬᠦ ᠶᠢ | ᠤᠯᠤᠰ ᠠᠴᠠ ᠵᠣᠷᠢᠭᠵᠢᠭᠤᠯᠤᠨ᠎ᠠ᠃ | ᠲᠠᠪᠢᠨ ᠳᠣᠯᠣᠳᠤᠭᠠᠷ ᠵᠦᠢᠯ᠄ ᠬᠤᠳᠠ᠂ ᠪᠣᠯᠪᠠᠰᠤᠨ ᠭᠠᠴᠠᠭ᠎ᠠ ᠪᠠᠯᠭᠠᠰᠤ᠂ ᠪᠣᠯᠪᠠᠰᠤᠨ ᠨᠢᠭᠡᠴᠢ᠂ ᠪᠣᠯᠪᠠᠰᠤᠨ ᠨᠡᠶᠢᠭᠡᠮ ᠲᠣᠭᠤᠷᠢᠭ᠂ ᠪᠣᠯᠪᠠᠰᠤᠨ ᠰᠤᠷᠭᠠᠭᠤᠯᠢ ᠶᠢ | ᠡᠭᠦᠳᠬᠦ ᠠᠵᠢᠯᠯᠠᠭ᠎ᠠ ᠶᠢ ᠲᠣᠳᠣᠷᠬᠠᠶᠢᠯᠠᠬᠤ ᠳᠤ ᠪᠠᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠴᠢᠬᠤᠯᠠ ᠠᠭᠤᠯᠭ᠎ᠠ | ᠪᠣᠯᠭᠠᠬᠤ ᠬᠡᠷᠡᠭᠲᠡᠢ᠃ | |