ᠨᠢᠭᠡ᠂ ᠤᠳᠤᠷᠢᠳᠬᠤ ᠪᠠᠭ | ᠯᠢᠦ ᠪᠥᠸᠧ ᠨᠠᠮ ᠤᠨ ᠠᠵᠢᠯᠯᠠᠬᠤ ᠬᠤᠷᠢᠶᠠᠨ ᠤ ᠱᠦᠵᠢ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ | ᠶᠠᠩ ᠭᠦᠸᠧ ᠶᠧ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠸᠠᠩ ᠬᠤᠸᠠᠢ ᠮᠢ ᠨᠠᠮ ᠤᠨ ᠠᠵᠢᠯᠯᠠᠬᠤ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠵᠥᠪᠯᠡᠯ ᠤᠨ ᠡᠷᠬᠢᠯᠡᠭᠴᠢ | ᠮᠢᠶᠣᠣ ᡁᠢ ᠭᠠᠩ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠨᠢᠭᠡᠳᠦᠮᠡᠯ | ᠹᠷᠣᠨᠲ ᠤᠨ ᠭᠡᠰᠢᠭᠦᠨ | ᠰᠡᠴᠡᠨᠨᠣᠷᠪᠤ ᠰᠠᠬᠢᠯᠭ᠎ᠠ ᠪᠠᠲᠤ ᠶᠢᠨ ᠠᠵᠢᠯ ᠤᠨ ᠵᠥᠪᠯᠡᠯ ᠤᠨ ᠱᠦᠵᠢ᠂ ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ | ᠹᠧᠩ ᠰᠢᠶᠣᠣ ᠢᠦᠢ ᠨᠠᠮ ᠤᠨ ᠠᠵᠢᠯᠯᠠᠬᠤ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ | ᠵᠠᠩ ᠶᠠᠨ ᠮᠧᠶ ᠨᠠᠮ ᠤᠨ ᠠᠵᠢᠯᠯᠠᠬᠤ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ᠂ ᠬᠡᠷᠡᠭ ᠡᠷᠬᠢᠯᠡᠬᠦ ᠭᠠᠵᠠᠷ ᠤᠨ ᠳᠡᠳ᠋ | ᠡᠷᠬᠢᠯᠡᠭᠴᠢ | ᠷᠧᠨ ᠬᠠᠢ ᠰᠢᠨ ᠨᠠᠮ ᠤᠨ ᠠᠵᠢᠯ ᠤᠨ ᠬᠤᠷᠢᠶᠠᠨ ᠤ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ | ᠸᠠᠩ ᡁᠢ ᠴᠢᠶᠠᠩ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ︵ᠲᠦᠷ ᠴᠠᠭ ᠲᠤᠰᠢᠶᠠᠯ ᠡᠭᠦᠷᠭᠡᠯᠡᠵᠦ ᠪᠠᠶᠢᠨ᠎ᠠ︶ | ᠯᠢ ᠱᠤᠸᠠᠢ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ | ᠯᠢᠦ ᠶᠢᠨ ᠬᠤᠸᠠᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠩᠭᠤ ᠶᠢᠨ ᠳᠡᠳ᠋ ᠡᠷᠬᠢᠯᠡᠭᠴᠢ | ᠬᠠᠨ ᠯᠦᠩ ᠹᠧᠢ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ︵ᠲᠦᠷ ᠴᠠᠭ ᠲᠤᠰᠢᠶᠠᠯ ᠡᠭᠦᠷᠭᠡᠯᠡᠵᠦ | ᠪᠠᠶᠢᠨ᠎ᠠ︶᠂ ᠵᠢᠶᠠ ᠾᠧ ᠨᠡᠶᠢᠭᠡᠮ ᠲᠣᠭᠤᠷᠢᠭ ᠲᠤ ᠰᠠᠭᠤᠭ᠎ᠠ ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠳᠠᠷᠤᠭ᠎ᠠ | | | | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | 1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠄ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠡᠳᠦᠷ | ᠲᠤᠲᠤᠮ ᠤᠨ ᠠᠵᠢᠯᠯᠠᠭ᠎ᠠ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ | ᠡᠷᠬᠢᠯᠡᠬᠦ ᠭᠠᠵᠠᠷ ᠤᠨ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠺᠠᠳ᠋ᠷ ᠤᠨ ᠬᠠᠮᠢᠶᠠᠷᠤᠯᠲᠠ᠂ ᠨᠢᠭᠤᠴᠠ ᠶᠢ ᠬᠠᠮᠠᠭᠠᠯᠠᠬᠤ᠂ ᠲᠠᠩᠰᠠ ᠡᠪᠬᠡᠮᠡᠯ ᠤᠨ ᠬᠠᠮᠢᠶᠠᠷᠤᠯᠲᠠ | ᠪᠠ ᠪᠠᠶᠢᠭᠤᠯᠤᠮᠵᠢ ᠶᠢᠨ ᠣᠷᠣᠨ ᠲᠤᠭ᠎ᠠ᠂ ᠬᠤᠶᠢᠴᠢ ᠦᠶ᠎ᠡ ᠪᠠ ᠠᠬᠠᠮᠠᠳ ᠺᠠᠳ᠋ᠷᠴᠤᠳ ᠢ ᠬᠠᠯᠠᠮᠵᠢᠯᠠᠬᠤ ᠵᠡᠷᠭᠡ ᠠᠵᠢᠯ ᠢ ᠬᠠᠷᠢᠭᠤᠴᠠᠨ᠎ᠠ᠃ ᠵᠡᠭᠡᠯᠢ ᠭᠤᠳᠤᠮᠵᠢ ᠶᠢᠨ | ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠰᠢᠢᠳᠪᠦᠷᠢᠲᠦ ᠪᠣᠳᠣᠯᠭ᠎ᠠ ᠶᠢ ᠱᠠᠯᠠᠪᠳᠠᠭᠤᠯᠤᠨ ᠪᠠᠶᠢᠴᠠᠭᠠᠬᠤ᠂ ᠬᠢᠨᠠᠨ ᠰᠢᠯᠭᠠᠬᠤ ᠪᠠ ᠡᠯ᠎ᠡ | ᠱᠠᠲᠤᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠠᠷᠢᠭᠤᠴᠠᠨ᠎ᠠ᠃ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯᠯᠠᠬᠤ ᠬᠤᠷᠢᠶᠠᠨ ᠤ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ | ᠠᠵᠢᠯ ᠢ ᠵᠣᠬᠢᠴᠠᠭᠤᠯᠤᠨ ᠬᠠᠮᠵᠢᠯᠴᠠᠨ ᠰᠠᠶᠢᠲᠤᠷ ᠬᠢᠨ᠎ᠠ᠃ | 2. ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠄ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ | ᠬᠠᠷᠢᠭᠤᠴᠠᠨ᠎ᠠ᠃ ᠵᠡᠭᠡᠯᠢ ᠭᠤᠳᠤᠮᠵᠢ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠬᠠᠷᠢᠭᠤᠴᠠᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠨᠢᠭᠡᠳᠦᠮᠡᠯ ᠹᠷᠣᠨᠲ᠂ ᠱᠠᠰᠢᠨ ᠰᠤᠷᠲᠠᠬᠤᠨ ᠤ ᠠᠵᠢᠯ ᠢ ᠬᠠᠷᠢᠭᠤᠴᠠᠨ᠎ᠠ᠃ ᠤᠬᠠᠭᠤᠯᠭ᠎ᠠ᠂ ᠦᠵᠡᠯ ᠰᠣᠷᠲᠠᠯ᠂ | ᠰᠦᠯᠵᠢᠶᠡᠨ ᠤ ᠦᠵᠡᠯ ᠰᠣᠷᠲᠠᠯ᠂ ᠤᠶᠤᠨ ᠤ ᠪᠣᠯᠪᠠᠰᠤᠨ᠂ ᠱᠠᠯᠢᠭ ᠪᠠ ᠬᠠᠤᠯᠢ ᠪᠤᠰᠤ ᠬᠡᠪᠯᠡᠯ ᠲᠠᠢ ᠲᠡᠮᠡᠴᠡᠬᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ᠂ ᠤᠨᠤᠯ ᠢ ᠤᠬᠠᠭᠤᠯᠤᠨ ᠲᠠᠶᠢᠯᠪᠤᠷᠢᠯᠠᠬᠤ᠂ ᠰᠠᠶᠢᠨ | ᠳᠤᠷ᠎ᠠ ᠶᠢᠨ ᠦᠢᠯᠡᠴᠢᠯᠡᠭᠡ ᠪᠣᠯᠤᠨ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠠᠵᠢᠯ ᠢ ᠬᠠᠷᠢᠭᠤᠴᠠᠨ᠎ᠠ᠃ | 3. ᠬᠤᠳᠠ ᠶᠢᠨ ᠬᠠᠮᠢᠶᠠᠷᠤᠯᠲᠠ ᠶᠢᠨ ᠠᠯᠪᠠᠨ ᠭᠡᠷ᠄ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ | ᠨᠠᠷᠢᠯᠢᠭᠵᠢᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠠᠮᠢᠲᠠᠨ ᠤ ᠬᠢᠵᠢᠭ ᠢ ᠰᠡᠷᠭᠡᠶᠢᠯᠡᠬᠦ ᠪᠠ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ | ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠵᠡᠭᠡᠯᠢ ᠭᠤᠳᠤᠮᠵᠢ ᠶᠢᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠥᠪ ᠢ ᠬᠢᠨᠠᠨ ᠬᠠᠷᠭᠤᠭᠤᠯᠬᠤ᠂ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ᠃ | ᠭᠤᠣᠯ ᠤᠨ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠢ ᠬᠠᠷᠢᠭᠤᠴᠠᠨ᠎ᠠ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠢ ᠬᠠᠮᠵᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ᠂ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ | ᠥᠷᠨᠢᠭᠦᠯᠦᠨ᠎ᠡ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ᠃ ᠬᠠᠷᠢᠶᠠᠲᠤ ᠣᠷᠣᠨ ᠤ ᠳᠣᠲᠣᠷᠠᠬᠢ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠲᠥᠯᠦᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠥᠯᠦᠪᠵᠢᠭᠦᠯᠭᠡ ᠪᠠ ᠬᠠᠷᠢᠶᠠᠲᠤ ᠣᠷᠣᠨ ᠤ ᠳᠣᠲᠣᠷᠠᠬᠢ | ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠵᠢᠵᠢᠭ ᠲᠣᠭᠤᠷᠢᠭ ᠤᠨ ᠲᠥᠯᠦᠪᠵᠢᠭᠦᠯᠭᠡ ᠶᠢ ᠰᠢᠯᠭᠠᠨ ᠠᠪᠬᠤ ᠵᠡᠷᠭᠡ | ᠠᠵᠢᠯ ᠢ ᠬᠠᠮᠵᠢᠨ ᠰᠠᠶᠢᠲᠤᠷ ᠬᠢᠨ᠎ᠡ᠃ | 4. ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠄ ᠰᠣᠶᠣᠯ ᠪᠣᠯᠪᠠᠰᠤᠷᠠᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠦᠨᠳᠦᠰᠦᠲᠡᠨ ᠤ ᠬᠡᠷᠡᠭ | ᠶᠠᠪᠤᠳᠠᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠠᠵᠢᠯ ᠢ ᠬᠠᠷᠢᠭᠤᠴᠠᠨ᠎ᠠ᠃ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ | ᠲᠥᠯᠥᠪᠯᠡᠭᠡᠲᠦ ᠬᠦᠩᠭᠡᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠦᠢᠯᠡᠰ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ | ᠨᠡᠶᠢᠭᠡᠮ ᠤᠨ ᠪᠠᠲᠤᠯᠠᠭ᠎ᠠ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠢ ᠠᠵᠢᠯ ᠪᠠ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ | ᠬᠠᠷᠢᠭᠤᠴᠠᠨ᠎ᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ ᠥᠮᠴᠢᠲᠡᠨ ᠤ ᠵᠥᠪᠯᠡᠯ ᠵᠡᠷᠭᠡ ᠦᠨᠳᠦᠰᠦᠨ ᠱᠠᠲᠤᠨ ᠤ ᠥᠪᠡᠷᠲᠡᠭᠡᠨ ᠵᠠᠰᠠᠬᠤ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠥᠷᠨᠢᠭᠦᠯᠬᠦ ᠶᠢ ᠵᠢᠯᠤᠭᠤᠳᠬᠤ ᠶᠢ ᠬᠠᠷᠢᠭᠤᠴᠠᠨ᠎ᠠ᠃ ᠡᠯ᠎ᠡ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ | ᠪᠣᠶᠢᠵᠢᠭᠤᠯᠤᠨ ᠬᠥᠭᠵᠢᠭᠦᠯᠬᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠶᠢ ᠲᠡᠳᠬᠦᠬᠦ᠂ ᠠᠰᠠᠷᠠᠨ | ᠬᠠᠷᠠᠭᠠᠯᠵᠠᠵᠤ ᠬᠠᠪᠰᠤᠷᠤᠨ ᠲᠡᠳᠬᠦᠬᠦ᠂ ᠡᠷᠬᠢᠨ ᠦᠵᠡᠵᠦ ᠲᠣᠬᠤᠨᠢᠭᠤᠯᠬᠤ᠂ ᠵᠠᠬᠢᠳᠠᠯ ᠰᠣᠷᠪᠤᠯᠵᠢᠯᠠᠭ᠎ᠠ ᠭᠥᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ | ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠬᠠᠷᠠᠭᠠᠯᠵᠠᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | 5. ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ᠄ ᠬᠠᠷᠢᠶᠠᠲᠤ ᠣᠷᠣᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ | ᠬᠠᠷᠢᠶᠠᠲᠤ ᠣᠷᠣᠨ ᠤ ᠳᠣᠲᠣᠷᠠᠬᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠨ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ | ᠵᠢᠭᠰᠠᠭᠠᠨ ᠪᠠᠶᠢᠴᠠᠭᠠᠬᠤ ᠪᠠ ᠡᠶᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠵᠢᠭᠤ ᠨᠣᠮᠯᠠᠯ᠂ ᠬᠤᠣᠷᠲᠤ ᠡᠳ᠋ ᠢ ᠴᠠᠭᠠᠵᠠᠯᠠᠬᠤ ᠵᠡᠷᠭᠡ ᠠᠵᠢᠯ ᠢ | ᠶᠡᠷᠦᠩᠬᠡᠶᠢᠯᠡᠨ ᠵᠣᠬᠢᠴᠠᠭᠤᠯᠵᠤ ᠰᠡᠷᠭᠡᠶᠢᠯᠡᠬᠦ ᠪᠠ ᠰᠢᠢᠳᠪᠦᠷᠢᠯᠡᠨ᠎ᠡ᠃ ᠬᠠᠷᠢᠶᠠᠲᠤ ᠣᠷᠣᠨ ᠤ ᠬᠠᠤᠯᠢ ᠲᠦᠭᠡᠮᠡᠯᠵᠢᠭᠦᠯᠬᠦ ᠬᠠᠤᠯᠢ ᠶᠣᠰᠣᠭᠠᠷ ᠵᠠᠰᠠᠬᠤ ᠠᠵᠢᠯ ᠢ | ᠬᠠᠷᠢᠭᠤᠴᠠᠨ ᠠᠬᠢᠭᠤᠯᠤᠨ᠎ᠠ᠃ ᠬᠠᠷᠢᠶᠠᠲᠤ ᠣᠷᠣᠨ ᠤ ᠳᠣᠲᠣᠷᠠᠬᠢ ᠲᠣᠥᠷᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠬᠦ᠂ ᠦᠨᠳᠦᠰᠦᠨ | ᠱᠠᠲᠤᠨ ᠤ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠬᠦ ᠵᠡᠷᠭᠡ ᠠᠵᠢᠯ ᠢ ᠬᠠᠷᠢᠭᠤᠴᠠᠨ᠎ᠠ᠃ ᠵᠡᠭᠡᠯᠢ ᠭᠤᠳᠤᠮᠵᠢ ᠶᠢᠨ ᠠᠵᠢᠯᠴᠢᠨ ᠤ ᠡᠪᠯᠡᠯ ᠤᠨ ᠬᠠᠮᠢᠶ᠎ᠠ ᠪᠦᠬᠦᠢ | ᠠᠵᠢᠯ ᠢ ᠬᠠᠷᠢᠭᠤᠴᠠᠨ᠎ᠠ᠃ | | | | ᠭᠤᠷᠪᠠ᠂ ᠠᠵᠢᠯ ᠦᠢᠯᠡᠰ ᠤᠨ ᠨᠢᠭᠡᠴᠡ | ᠨᠢᠭᠡ ᠳᠡᠳ᠋ ᠰᠠᠯᠠᠭᠠᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠶᠢ ᠲᠣᠬᠢᠷᠠᠭᠤᠯᠣᠨ᠎ᠠ᠂ ᠳᠠᠷᠣᠢ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠫᠠᠶᠢᠰᠠ ᠶᠢ ᠡᠯᠭᠦᠨ᠎ᠡ︶᠃ ᠡᠭᠦᠷᠭᠡ | ᠬᠠᠷᠢᠭᠤᠴᠠᠯᠭ᠎ᠠ ᠨᠢ ᠳᠣᠣᠷᠠᠬᠢ ᠮᠡᠲᠦ᠄ | ᠨᠠᠮ ᠤᠨ ᠭᠡᠰᠢᠭᠦᠨ ᠤᠯᠠᠨ ᠲᠦᠮᠡᠨ ᠳᠤ ᠦᠢᠯᠡᠴᠢᠯᠡᠬᠦ ᠵᠦᠢᠯᠡᠰ ᠢ ᠲᠣᠬᠢᠷᠠᠭᠤᠯᠬᠤ ᠠᠵᠢᠯ ᠢ ᠡᠭᠦᠷᠭᠡᠯᠡᠵᠦ᠂ ᠨᠠᠮ ᠤᠨ ᠭᠡᠰᠢᠭᠦᠨ ᠪᠠ ᠤᠯᠠᠨ ᠲᠦᠮᠡᠨ ᠳᠤ | ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡ ᠬᠠᠩᠭᠠᠨ᠎ᠠ᠃ ᠬᠠᠷᠢᠶ᠎ᠠ ᠣᠷᠣᠨ ᠤ ᠳᠣᠲᠣᠷᠠᠬᠢ ᠨᠠᠮ ᠤᠨ ᠭᠡᠰᠢᠭᠦᠨ ᠲᠠᠢ ᠬᠠᠷᠢᠯᠴᠠᠬᠤ ᠪᠠ ᠦᠢᠯᠡᠴᠢᠯᠡᠬᠦ ᠠᠵᠢᠯ ᠢ | ᠡᠭᠦᠷᠭᠡᠯᠡᠨ᠎ᠡ᠃ ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠤᠨ ᠦᠢᠯᠡᠴᠢᠯᠡᠬᠦ ᠴᠢᠳᠠᠮᠵᠢ ᠶᠢᠨ ᠲᠥᠯᠦᠪᠵᠢᠭᠦᠯᠭᠡ᠂ ᠬᠠᠮᠢᠶᠠᠷᠤᠯᠲᠠ ᠪᠠ | ᠬᠠᠮᠠᠭᠠᠯᠠᠯᠲᠠ ᠵᠡᠷᠭᠡ ᠠᠵᠢᠯ ᠢ ᠡᠭᠦᠷᠭᠡᠯᠡᠨ᠎ᠡ᠃ ᠠᠷᠠᠳ ᠲᠤ ᠲᠥᠬᠦᠮ ᠦᠵᠡᠭᠦᠯᠬᠦ ᠶᠢ ᠬᠢᠨᠠᠨ ᠵᠥᠪᠰᠢᠶᠡᠷᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯ ᠢ | ᠡᠭᠦᠷᠭᠡᠯᠡᠨ᠎ᠡ᠃ | | | | | | | | | ᠬᠠᠷᠢᠯᠴᠠᠬᠤ ᠬᠠᠶ᠋ᠢᠭ᠄ ᠣᠷᠳᠣᠰ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ L1 ᠭᠠᠵᠠᠷ ᠤᠨ ᠺᠠᠩ | ᠰᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 --- 12᠄ 00 | ᠦᠳᠡ ᠶᠢᠨ ᠬᠤᠶᠢᠨᠠᠬᠢ 14᠄ 00 --- 17᠄ 30 | ᠬᠠᠷᠢᠯᠴᠠᠬᠤ ᠤᠲᠠᠰᠤ᠄ 0477—— 8394803 | | | | | | | | | |