ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ ﹇2023﹈ 8 ᠳ᠋ᠤᠭᠠᠷ ᠲᠣᠭᠠᠲᠤ | 2023 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠨᠢ ᠤᠯᠤᠰ ᠤᠨ ᠭᠠᠵᠠᠷ ᠰᠢᠷᠣᠢ ᠠᠮᠢ ᠠᠬᠤᠢ ᠶᠢᠨ ᠠᠮᠤᠷ | ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ | ᠶᠡᠭᠡ ᠲᠠᠯ᠎ᠠ ᠲᠠᠢ ᠬᠤᠯᠪᠣᠭᠳᠠᠨ᠎ᠠ᠃ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠪᠦᠲᠦᠮᠵᠢᠲᠡᠶ ᠰᠡᠷᠭᠡᠶᠢᠯᠡᠨ ᠤᠨᠲᠠᠷᠠᠭᠠᠵᠤ ᠠᠪᠤᠷᠠᠯᠳᠠ ᠬᠢᠵᠦ᠂ ᠠᠷᠠᠳ ᠣᠯᠠᠨ ᠤ ᠠᠮᠢ ᠨᠠᠰᠤ | ᠡᠳ᠋ ᠬᠥᠷᠥᠩᠭᠡ ᠪᠠ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ᠬᠤᠯᠪᠣᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠳᠣᠣᠷᠠᠬᠢ ᠮᠡᠲᠦ ᠵᠠᠷᠯᠢᠭ ᠢ ᠨᠡᠶᠢᠲᠡᠯᠡᠪᠡ᠃ | | ᠨᠢᠭᠡ᠂ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠴᠠᠭ ᠪᠠ ᠣᠷᠣᠨ ᠪᠦᠰᠡ ᠶᠢ ᠲᠣᠭᠲᠠᠭᠠᠬᠤ ᠬᠡᠷᠡᠭᠲᠡᠢ | 2023 ᠣᠨ ᠤ ᠬᠠᠪᠤᠷ ᠤᠨ ᠤᠯᠠᠷᠢᠯ ᠳᠠᠬᠢ ᠪᠥᠬᠦ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ | ᠠᠵᠢᠯ ᠤᠨ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠪᠣᠯ 4 ᠳ᠋ᠦ᠋ᠭᠡᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ | ᠪᠣᠯᠣᠨ᠎ᠠ᠃ ᠡᠯ᠎ᠡ ᠭᠠᠵᠠᠷ ᠣᠷᠣᠨ ᠨᠢ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ | ᠬᠤᠭᠤᠴᠠᠭ᠎ᠠ ᠪᠠᠨ ᠤᠷᠢᠳᠴᠢᠯᠠᠭᠤᠯᠬᠤ ᠪᠤᠶᠤ ᠬᠤᠶᠢᠰᠢᠯᠠᠭᠤᠯᠵᠤ ᠪᠣᠯᠣᠨ᠎ᠠ᠃ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠣᠷᠣᠨ ᠪᠦᠰᠡ ᠶᠢ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠬᠤᠪᠢᠶᠠᠷᠢᠯᠠᠨ ᠲᠣᠭᠲᠠᠭᠠᠨ᠎ᠠ᠃ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ | ᠬᠢᠵᠠᠭᠠᠷ ᠪᠣᠯᠣᠨ ᠣᠷᠣᠨ ᠪᠦᠰᠡ ᠶᠢ ᠨᠡᠶᠢᠭᠡᠮ ᠳᠤ ᠨᠡᠶᠢᠲᠡᠯᠡᠬᠦ ᠶᠢᠨ ᠬᠠᠮᠲᠤ᠂ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠣᠶ ᠰᠢᠭᠤᠢ | ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠲᠤ ᠳᠠᠩᠰᠠᠯᠠᠭᠤᠯᠬᠤ ᠬᠡᠷᠡᠭᠲᠡᠢ᠃ | ᠬᠤᠶᠠᠷ᠂ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠢ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ | ᠤᠨᠲᠠᠷᠠᠭᠠᠬᠤ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭᠠᠲᠤ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠷᠢᠶ᠎ᠠ ᠭᠠᠵᠠᠷ ᠤᠨ ᠤᠳᠤᠷᠢᠳᠤᠯᠭ᠎ᠠ ᠶᠢᠨ | ᠬᠠᠷᠢᠭᠤᠴᠠᠯᠭ᠎ᠠ᠂ ᠠᠵᠢᠯ ᠲᠥᠷᠥᠯ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠣᠨ ᠦᠢᠯᠡᠳᠪᠦᠷᠢᠯᠡᠨ ᠡᠵᠡᠩᠨᠡᠭᠴᠢ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠂ ᠬᠠᠷᠢᠭᠤᠴᠠᠯᠭ᠎ᠠ ᠶᠢᠨ ᠣᠷᠣᠨ ᠢᠶᠠᠨ ᠬᠤᠪᠢᠶᠠᠷᠢᠯᠠᠨ ᠲᠣᠭᠲᠠᠭᠠᠵᠤ᠂ ᠬᠠᠷᠢᠭᠤᠴᠠᠯᠭ᠎ᠠ ᠶᠢᠨ | ᠪᠢᠴᠢᠭ ᠵᠢᠷᠤᠵᠤ ᠲᠣᠭᠲᠠᠨ᠂ ᠨᠢᠭᠲᠠ ᠴᠢᠩᠭ᠎ᠠ ᠪᠦᠬᠦᠢ ᠲᠣᠣᠷᠵᠢᠭᠤᠯᠤᠭᠰᠠᠨ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠡᠯ᠎ᠡ ᠵᠦᠢᠯ ᠤᠨ | ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ︽ᠡᠴᠦᠰ ᠤᠨ ᠨᠢᠭᠡ ᠮᠧᠲᠷ︾᠂ ᠬᠠᠮᠤᠭ ᠤᠨ ᠪᠠᠭ᠎ᠠ ᠨᠢᠭᠡᠴᠢ ᠬᠦᠷᠲᠡᠯ᠎ᠡ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠡᠯ᠎ᠡ ᠱᠠᠲᠤᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ | ᠪᠦᠷᠢᠯᠳᠦᠭᠦᠨ ᠨᠢᠭᠡᠴᠢ ᠨᠢ ᠲᠤᠰ ᠲᠣᠰ ᠤᠨ ᠡᠭᠦᠷᠭᠡ ᠲᠤᠰᠢᠶᠠᠯ ᠪᠠ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠣᠢ ᠰᠢᠭᠤᠢ ᠨᠤᠲᠤᠭ | ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠢ᠃ ᠣᠶ ᠰᠢᠭᠤᠢ | ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠰᠡᠷᠭᠡᠶᠢᠯᠡᠵᠦ ᠠᠪᠤᠷᠠᠬᠤ ᠬᠠᠷᠢᠭᠤᠴᠠᠯᠭ᠎ᠠ ᠶᠢᠨ ᠬᠡᠯᠬᠢᠶ᠎ᠡ ᠪᠠᠨ ᠨᠢᠭᠲᠠ ᠵᠣᠯᠭᠠᠯᠳᠤᠭᠤᠯᠤᠨ᠂ ᠭᠠᠯ ᠲᠦᠢᠮᠡᠷ ᠢ | ᠰᠡᠷᠭᠡᠶᠢᠯᠡᠬᠦ ᠪᠠ ᠭᠠᠯ ᠲᠦᠢᠮᠡᠷ ᠡᠭᠦᠰᠦᠭᠰᠡᠨ ᠡᠬᠢᠨ ᠤ ᠬᠤᠭᠤᠴᠠᠭᠠᠨ ᠳᠠᠬᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠭᠠᠯ ᠲᠦᠢᠮᠡᠷ ᠢ ᠤᠨᠲᠠᠷᠠᠭᠠᠵᠤ ᠠᠪᠤᠷᠠᠯᠲᠠ | ᠬᠢᠬᠦ ᠪᠥᠬᠦ ᠶᠠᠪᠤᠴᠠ ᠳᠤ ᠣᠷᠣᠯᠴᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠠᠯ ᠲᠦᠢᠮᠡᠷ ᠢ ᠰᠡᠷᠭᠡᠶᠢᠯᠡᠨ | ᠡᠵᠡᠮᠳᠡᠬᠦ ᠠᠵᠢᠯ ᠢ ᠶᠡᠷᠦᠩᠬᠡᠶᠢᠯᠡᠨ ᠵᠢᠯᠤᠭᠤᠳᠴᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠯᠡᠨ᠂ ᠭᠠᠯ ᠲᠦᠢᠮᠡᠷ ᠢ ᠤᠨᠲᠠᠷᠠᠭᠠᠵᠤ ᠠᠪᠤᠷᠠᠯᠲᠠ ᠬᠢᠬᠦ | ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠵᠤ᠂ ᠶᠡᠭᠡ ᠭᠠᠯ ᠲᠦᠢᠮᠡᠷ ᠠᠴᠠ ᠪᠣᠯᠤᠭᠰᠠᠨ ᠬᠦᠨᠳᠦ ᠬᠡᠴᠡᠭᠦᠦ ᠭᠠᠮᠰᠢᠭ ᠢ ᠠᠷᠭᠠᠴᠠᠭᠠᠬᠤ ᠪᠡᠯᠡᠳᠬᠡᠯ | ᠠᠵᠢᠯ ᠪᠠ ᠤᠨᠲᠠᠷᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠭᠠᠯ ᠲᠦᠢᠮᠡᠷ ᠭᠠᠷᠤᠭᠰᠠᠨ | ᠭᠠᠵᠠᠷ ᠤᠨ ᠰᠡᠷᠭᠡᠶᠢᠯᠡᠨ ᠰᠡᠷᠡᠮᠵᠢᠯᠡᠭᠦᠯᠬᠦ᠂ ᠵᠠᠮ ᠬᠠᠷᠢᠯᠴᠠᠭ᠎ᠠ ᠶᠢ ᠨᠡᠪᠲᠡᠷᠡᠭᠦᠯᠬᠦ᠂ ᠠᠮᠤᠷ ᠢ ᠬᠠᠮᠠᠭᠠᠯᠠᠬᠤ᠂ ᠭᠠᠯ ᠲᠦᠢᠮᠡᠷ ᠤᠨ ᠬᠡᠷᠡᠭ ᠢ ᠲᠠᠩᠨᠠᠨ ᠢᠯᠡᠷᠡᠭᠦᠯᠬᠦ ᠵᠡᠷᠭᠡ | ᠠᠵᠢᠯ ᠢ ᠰᠠᠶᠢᠲᠤᠷ ᠬᠢᠵᠦ᠂ ᠤᠬᠠᠭᠤᠯᠬᠤ᠂ ᠵᠢᠭᠰᠠᠭᠠᠨ ᠪᠠᠶᠢᠴᠠᠭᠠᠬᠤ᠂ ᠲᠣᠭᠤᠷᠢᠨ ᠬᠠᠮᠠᠭᠠᠯᠠᠬᠤ ᠵᠢᠴᠢ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠢ ᠰᠢᠢᠳᠬᠡᠨ | ᠲᠣᠷᠭᠠᠬᠤ ᠵᠡᠷᠭᠡ ᠠᠵᠢᠯ ᠢ ᠬᠠᠮᠵᠢᠯᠴᠠᠨ ᠥᠷᠨᠢᠭᠦᠯᠬᠦ ᠬᠡᠷᠡᠭᠲᠡᠢ᠃ | ᠭᠤᠷᠪᠠ᠂ ᠭᠠᠯ ᠲᠦᠢᠮᠡᠷ ᠤᠨ ᠰᠡᠷᠭᠡᠶᠢᠯᠡᠯᠲᠡ ᠶᠢ ᠴᠢᠩᠭᠠᠳᠬᠠᠬᠤ ᠬᠡᠷᠡᠭᠲᠡᠢ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠢᠨ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠪᠠ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ | ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ ᠥᠷᠨᠢᠭᠦᠯᠦᠨ᠂ ᠵᠠᠩᠭᠢᠯᠠᠭ᠎ᠠ ᠶᠢᠨ ᠴᠢᠬᠤᠯᠠ ᠠᠰᠠᠭᠤᠳᠠᠯ ᠢ ᠨᠡᠷᠡᠯᠡᠨ ᠵᠢᠭᠠᠵᠤ ᠰᠢᠮᠳᠠᠭᠤᠯᠤᠨ ᠭᠦᠢᠴᠡᠳᠬᠡᠯᠭᠡᠬᠦ ᠬᠡᠷᠡᠭᠲᠡᠢ᠃ | ᠭᠤᠣᠯᠳᠠᠯᠭ᠎ᠠ ᠪᠣᠯᠬᠤ ᠣᠷᠣᠨ ᠪᠠᠶᠢᠷᠢ ᠳᠠᠬᠢ ᠤᠢ ᠶᠢᠨ ᠬᠤᠷᠮᠣᠢ ᠶᠢᠨ ᠰᠢᠲᠠᠮᠠᠬᠠᠢ ᠪᠣᠳᠠᠰ ᠢ ᠴᠡᠪᠡᠷᠯᠡᠨ ᠠᠷᠢᠯᠭᠠᠬᠤ ᠪᠠᠨ ᠴᠢᠩᠭᠠᠳᠬᠠᠵᠤ᠂ ᠬᠡᠰᠡᠭ ᠪᠤᠰᠠᠭ ᠣᠩᠭᠤᠨ | ᠪᠤᠯᠠᠰᠢ ᠶᠢ ᠰᠢᠯᠵᠢᠭᠦᠯᠬᠦ ᠪᠠ ᠲᠥᠪᠯᠡᠷᠡᠭᠦᠯᠦᠨ ᠬᠠᠮᠢᠶᠠᠷᠬᠤ ᠶᠢ ᠢᠳᠡᠪᠬᠢᠲᠡᠢ ᠪᠠᠷ ᠠᠬᠢᠭᠤᠯᠤᠨ ᠬᠥᠲᠥᠯᠥᠨ ᠵᠢᠯᠤᠭᠤᠳᠴᠤ᠂ ᠠᠭᠤᠯᠠ᠂ ᠭᠤᠤ ᠰᠤᠪᠠᠭ᠂ ᠭᠤᠣᠯ ᠤᠨ | ᠲᠣᠬᠤᠢ ᠶᠢ ᠴᠡᠪᠡᠷᠯᠡᠬᠦ ᠠᠵᠢᠯ ᠢ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ᠠᠰᠠᠭᠤᠳᠠᠯ ᠢ ᠣᠯᠵᠤ ᠮᠡᠳᠡᠭᠡᠳ ᠴᠡᠭᠴᠡᠯᠡᠨ | ᠰᠠᠶᠢᠵᠢᠷᠠᠭᠤᠯᠬᠤ ᠶᠢ ᠲᠡᠪᠴᠢᠭᠰᠡᠨ ᠵᠢᠴᠢ ᠬᠠᠮᠢᠶᠠᠷᠤᠯᠲᠠ ᠶᠢ ᠲᠠᠭᠠᠬᠤ ᠦᠭᠡᠢ ᠪᠤᠶᠤ ᠵᠣᠷᠢᠭᠤᠳᠠ ᠵᠤᠷᠢᠴᠡᠭᠰᠡᠳ ᠢ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ | ᠴᠠᠭᠠᠵᠠ ᠶᠢᠨ ᠶᠣᠰᠣᠭᠠᠷ ᠴᠢᠩᠭ᠎ᠠ ᠰᠢᠢᠳᠬᠡᠨ ᠰᠢᠢᠳᠪᠦᠷᠢᠯᠡᠬᠦ ᠬᠡᠷᠡᠭᠲᠡᠢ᠃ ᠪᠠᠷᠢᠮᠵᠢᠶ᠎ᠠ ᠶᠣᠰᠣᠭᠠᠷ ᠭᠠᠯ ᠲᠦᠢᠮᠡᠷ ᠤᠨ ᠰᠡᠷᠭᠡᠶᠢᠯᠡᠯᠲᠡ ᠶᠢᠨ ᠲᠤᠰᠠᠭᠠᠷᠯᠠᠬᠤ ᠪᠦᠰᠡ | ᠭᠠᠷᠭᠠᠵᠤ᠂ ᠮᠣᠩᠭᠤᠯ ᠤᠯᠤᠰ᠂ ᠣᠷᠣᠰ ᠤᠨ ᠬᠤᠯᠪᠣᠭᠳᠠᠯ ᠪᠦᠬᠦᠢ ᠲᠠᠯ᠎ᠠ ᠯᠤᠭ᠎ᠠ ᠶᠢᠨ ᠬᠠᠮᠲᠤᠷᠠᠨ ᠰᠡᠷᠭᠡᠶᠢᠯᠡᠵᠦ ᠬᠤᠯᠪᠣᠭ᠎ᠠ ᠠᠪᠬᠤ ᠪᠠᠨ ᠴᠢᠩᠭᠠᠳᠬᠠᠨ᠂ ᠬᠥᠷᠰᠢ | ᠵᠡᠷᠭᠡᠯᠡᠳᠡᠭᠡ ᠭᠠᠵᠠᠷ ᠣᠷᠣᠨ ᠤ ᠨᠢᠭᠡᠴᠢ ᠶᠢᠨ ᠬᠤᠭᠤᠷᠣᠨᠳᠣᠬᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠩᠭᠠᠷᠠᠭᠤᠯᠵᠤ᠂ ᠬᠢᠯᠢ ᠶᠢᠨ ᠭᠠᠳᠠᠨᠠᠬᠢ | ᠭᠠᠯ ᠲᠦᠢᠮᠡᠷ ᠢ ᠰᠡᠷᠭᠡᠶᠢᠯᠡᠨ ᠬᠠᠰᠢᠬᠤ ᠪᠠ ᠬᠢᠯᠢ ᠶᠢᠨ ᠳᠣᠲᠣᠷᠠᠬᠢ ᠠᠭᠤᠯᠵᠠᠷ ᠭᠠᠵᠠᠷ ᠬᠡᠰᠡᠭ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠢ ᠰᠠᠶᠢᠲᠤᠷ | ᠬᠢᠬᠦ ᠬᠡᠷᠡᠭᠲᠡᠢ᠃ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭᠠᠨ ᠳᠤ ᠳᠣᠣᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠢ᠄ | ︵ᠨᠢᠭᠡ︶ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠣᠷᠣᠨ ᠪᠦᠰᠡᠨ ᠳᠤ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ᠂ ᠴᠠᠭᠠᠰᠤ ᠰᠢᠲᠠᠭᠠᠬᠤ᠂ ᠬᠦᠵᠢ | ᠠᠰᠠᠭᠠᠬᠤ᠂ ᠫᠤᠤᠵᠢᠩ ᠲᠠᠯᠪᠢᠬᠤ᠂ ᠭᠠᠯ ᠨᠣᠴᠣᠭᠠᠵᠤ ᠳᠤᠯᠠᠭᠠᠯᠠᠬᠤ᠂ ᠬᠤᠭ ᠨᠣᠪᠰᠢ ᠰᠢᠲᠠᠭᠠᠬᠤ ᠵᠢᠴᠢ ᠪᠤᠰᠤᠳ ᠦᠢᠯᠡᠳᠪᠦᠷᠢᠯᠡᠯ ᠤᠨ ᠪᠤᠰᠤ ᠬᠡᠷᠡᠭᠴᠡᠭᠡᠨ ᠳᠤ ᠭᠠᠯ | ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ | ︵ᠬᠤᠶᠠᠷ︶ ᠬᠡᠭᠡᠷ᠎ᠡ ᠭᠠᠳᠠᠨ᠎ᠠ ᠦᠢᠯᠡᠳᠪᠦᠷᠢᠯᠡᠯ ᠤᠨ ᠬᠡᠷᠡᠭᠴᠡᠭᠡ ᠪᠠᠷ ᠭᠠᠯ ᠬᠡᠷᠡᠭᠯᠡᠬᠦ ᠳᠤ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠦᠨᠡᠨ | ᠬᠦ ᠣᠨᠴᠠᠭᠠᠢ ᠰᠢᠯᠲᠠᠭᠠᠨ ᠠᠴᠠ ᠪᠣᠯᠵᠤ ᠬᠡᠭᠡᠷ᠎ᠡ ᠭᠠᠳᠠᠨ᠎ᠠ ᠦᠢᠯᠡᠳᠪᠦᠷᠢᠯᠡᠯ ᠠᠮᠢᠳᠤᠷᠠᠯ ᠬᠢᠭᠡᠳ ᠲᠠᠷᠢᠶᠠᠯᠠᠩ ᠤᠨ ᠶᠠᠪᠤᠳᠠᠯ ᠳᠤ ᠭᠠᠯ ᠬᠡᠷᠡᠭᠯᠡᠬᠦ ᠴᠢᠬᠤᠯᠠ ᠲᠠᠢ ᠪᠣᠯ | ᠲᠤᠬᠠᠢ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠡᠳ᠂ ᠵᠢᠭᠠᠨ | ᠲᠣᠭᠲᠠᠭᠠᠭᠰᠠᠨ ᠴᠠᠭ ᠬᠤᠭᠤᠴᠠᠭ᠎ᠠ᠂ ᠵᠢᠭᠠᠨ ᠲᠣᠭᠲᠠᠭᠠᠭᠰᠠᠨ ᠭᠠᠵᠠᠷ ᠣᠷᠣᠨ ᠳᠤ ᠬᠠᠷᠢᠭᠤᠴᠠᠯᠭ᠎ᠠ ᠡᠭᠦᠷᠭᠡᠯᠡᠭᠴᠢ ᠶᠢ ᠲᠣᠳᠣᠷᠬᠠᠶᠢᠯᠠᠵᠤ ᠪᠠᠶᠢᠭᠠᠳ ᠰᠡᠷᠭᠡᠶᠢᠯᠡᠵᠦ | ᠠᠪᠤᠷᠠᠬᠤ ᠪᠡᠯᠡᠳᠬᠡᠯ ᠢ ᠰᠠᠶᠢᠲᠤᠷ ᠬᠢᠭᠰᠡᠨ ᠤᠷᠢᠲᠠᠯ ᠳᠣᠣᠷ᠎ᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ | ︵ᠭᠤᠷᠪᠠ︶ ᠡᠯ᠎ᠡ ᠪᠠᠶᠢᠴᠠᠭᠠᠬᠤ ᠥᠷᠲᠡᠭᠡ᠂ ᠠᠵᠢᠭᠯᠠᠨ ᠪᠠᠷᠠᠯᠠᠬᠤ ᠲᠠᠶᠢᠰᠠ᠂ ᠴᠠᠭᠳᠠᠨ ᠲᠣᠭᠤᠷᠢᠵᠤ ᠬᠠᠮᠠᠭᠠᠯᠠᠬᠤ ᠠᠵᠢᠯ ᠤᠨ ᠪᠠᠶᠢᠷᠢᠨ ᠳᠠᠬᠢ ᠬᠥᠮᠥᠰ ᠨᠢ | ᠪᠦᠬᠦᠯᠢ ᠡᠳᠦᠷ ᠢᠶᠠᠷ ᠵᠢᠵᠢᠭᠦᠷᠯᠡᠨ ᠰᠠᠬᠢᠵᠤ᠂ ︽ᠭᠠᠯ ᠲᠦᠢᠮᠡᠷ ᠤᠨ ᠰᠡᠷᠭᠡᠶᠢᠯᠡᠯᠲᠡ ᠶᠢᠨ ᠮᠡᠷᠭᠡᠨ ᠴᠣᠬᠤᠷ︾ ᠲᠣᠬᠢᠷᠠᠭᠤᠯᠤᠨ᠂ ᠴᠢᠩᠭ᠎ᠠ ᠰᠡᠷᠭᠡᠶᠢᠯᠡᠵᠦ ᠵᠠᠬᠢᠷᠤᠨ | ᠬᠠᠮᠢᠶᠠᠷᠬᠤ ᠣᠷᠣᠨ ᠪᠦᠰᠡᠨ ᠳᠤ ᠣᠷᠣᠬᠤ ᠬᠥᠮᠥᠰ ᠪᠠ ᠲᠡᠷᠭᠡ ᠬᠥᠰᠬᠡ ᠶᠢ ᠴᠢᠩᠭ᠎ᠠ ᠵᠠᠬᠢᠷᠤᠨ ᠬᠠᠮᠢᠶᠠᠷᠴᠤ᠂ ᠭᠠᠯ ᠤᠨ ᠴᠤᠭ ᠪᠤᠶᠤ ᠨᠣᠴᠣᠮᠠᠲᠠᠭᠠᠢ ᠳᠡᠯᠪᠡᠷᠡᠮᠡᠲᠡᠭᠡᠢ | ᠡᠳ᠋ ᠪᠣᠳᠠᠰ ᠠᠪᠴᠤ ᠣᠷᠣᠬᠤ ᠶᠢ ᠴᠢᠩᠭ᠎ᠠ ᠴᠠᠭᠠᠵᠠᠯᠠᠨ᠂ ᠴᠢᠬᠤᠯᠠ ᠲᠠᠢ ᠦᠶ᠎ᠡ ᠳᠤ ︽ᠭᠠᠯ ᠰᠡᠷᠭᠡᠶᠢᠯᠡᠬᠦ ᠪᠦᠲᠡᠭᠡᠯᠭᠡ︾ ᠨᠡᠮᠡᠨ ᠤᠭᠰᠠᠷᠠᠵᠤ ᠪᠤᠬ᠎ᠠ ᠲᠡᠷᠭᠡ | ᠳᠦᠷᠡᠯᠵᠡᠨ ᠨᠣᠴᠣᠬᠤ ᠶᠢ ᠰᠡᠷᠭᠡᠶᠢᠯᠡᠬᠦ᠂ ᠨᠡᠭᠦᠷᠡᠰᠦ ᠲᠡᠭᠡᠭᠡᠭᠰᠡᠨ ᠲᠡᠷᠭᠡᠨ ᠤ ᠸᠠᠭᠤᠨ ᠢ ᠪᠢᠲᠡᠭᠦᠯᠡᠵᠦ ᠨᠡᠭᠦᠷᠡᠰᠦᠨ ᠬᠡᠮᠬᠡᠳᠡᠭ ᠨᠢ ᠰᠠᠳᠠᠷᠠᠵᠦ ᠭᠤᠭᠤᠵᠢᠭᠠᠳ | ᠠᠶᠠᠨᠳᠠᠭᠠᠨ ᠨᠣᠴᠣᠬᠤ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠳᠥᠷᠪᠡ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠᠨ ᠴᠢᠩᠭᠠᠷᠠᠭᠤᠯᠬᠤ ᠬᠡᠷᠡᠭᠲᠡᠢ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠤᠨ ᠴᠠᠭ ᠠᠭᠤᠷ ᠤᠨ ᠮᠡᠳᠡᠭᠡ | ᠪᠠᠨ ᠤᠷᠢᠳᠴᠢᠯᠠᠨ ᠮᠡᠳᠡᠭᠡᠯᠡᠬᠦ ᠪᠠᠨ ᠴᠢᠩᠭᠠᠳᠬᠠᠵᠤ᠂ ᠭᠠᠯ ᠲᠦᠢᠮᠡᠷ ᠤᠨ ᠠᠶᠤᠯ ᠶᠡᠬᠡᠲᠡᠢ ᠴᠠᠭ ᠠᠭᠤᠷ ᠪᠣᠯ ᠴᠠᠭ ᠲᠤᠬᠠᠢ ᠳᠤ ᠨᠢ ᠵᠠᠯᠭᠠᠭ᠎ᠠ ᠵᠠᠯᠭᠠᠭ᠎ᠠ ᠪᠠᠷ | ᠰᠡᠷᠡᠮᠵᠢ ᠶᠢᠨ ᠳᠣᠬᠢᠶ᠎ᠠ ᠨᠡᠶᠢᠲᠡᠯᠡᠨ᠂ ᠤᠷᠢᠳᠴᠢᠯᠠᠨ ᠠᠷᠭᠠᠴᠠᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠡᠯ᠎ᠡ ᠱᠠᠲᠤᠨ ᠤ ᠭᠠᠯ ᠲᠦᠢᠮᠡᠷ ᠢ ᠰᠡᠷᠭᠡᠶᠢᠯᠡᠵᠦ | ᠤᠨᠲᠠᠷᠠᠭᠠᠬᠤ ᠰᠠᠯᠠᠭ᠎ᠠ ᠮᠥᠴᠢᠷ ᠪᠣᠯᠣᠨ ᠬᠠᠷᠢᠭᠤᠴᠠᠯᠭᠠᠲᠤ ᠨᠢᠭᠡᠴᠢ ᠨᠢ 24 ᠴᠠᠭ ᠢᠶᠠᠷ ᠵᠢᠵᠢᠭᠦᠷᠯᠡᠬᠦ᠂ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ᠂ ᠭᠠᠯ | ᠲᠦᠢᠮᠡᠷ ᠤᠨ ᠪᠠᠶᠢᠳᠠᠯ ᠤᠨ ᠮᠡᠳᠡᠭᠡ ᠵᠠᠩᠭᠢ ᠶᠢ ︽ᠰᠢᠰᠲ᠋ᠧᠮᠵᠢᠭᠦᠯᠦᠨ ᠮᠡᠳᠡᠭᠦᠯᠬᠦ︾ ︽ᠭᠠᠯ ᠲᠦᠢᠮᠡᠷ ᠭᠠᠷᠪᠠᠯ ᠵᠠᠪᠠᠯ ᠮᠡᠳᠡᠭᠦᠯᠬᠦ︾ ᠪᠠ ᠴᠢᠬᠤᠯᠠ ᠴᠠᠭ | ᠬᠤᠭᠤᠴᠠᠭᠠᠨ ᠳᠤ ︽ᠡᠳᠦᠷ ᠤᠨ ᠮᠡᠳᠡᠭᠦᠯᠦᠯᠲᠡ︾ ︽ᠭᠠᠯ ᠲᠦᠢᠮᠡᠷ ᠦᠭᠡᠢ ᠮᠡᠳᠡᠭᠦᠯᠦᠯᠲᠡ︾ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠨᠢᠭᠤᠵᠤ ᠮᠡᠳᠡᠭᠦᠯᠬᠦ ᠦᠭᠡᠢ᠂ | ᠬᠤᠵᠢᠭᠤ ᠮᠡᠳᠡᠭᠦᠯᠬᠦ ᠵᠡᠷᠭᠡ ᠦᠶᠯᠡ ᠠᠵᠢᠯᠯᠠᠭ᠎ᠠ ᠶᠢ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ | ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠦᠭᠦᠳ ᠭᠠᠯ ᠲᠦᠢᠮᠡᠷ ᠤᠨ ᠪᠠᠶᠢᠳᠠᠯ ᠢ ᠨᠢᠭᠲᠠ ᠠᠵᠢᠭᠯᠠᠵᠤ᠂ ᠪᠠᠴᠢᠮ | ᠪᠠᠶᠢᠳᠠᠯ ᠢ ᠠᠷᠭᠠᠴᠠᠭᠠᠬᠤ ᠲᠥᠰᠥᠯ ᠢᠶᠠᠨ ᠲᠡᠭᠦᠯᠳᠡᠷᠵᠢᠭᠦᠯᠦᠨ᠂ ᠡᠩᠨᠡᠭᠡᠨ ᠤ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠪᠠᠲᠤᠯᠠᠭ᠎ᠠ ᠪᠠᠨ | ᠴᠢᠩᠭᠠᠳᠬᠠᠨ᠂ ᠭᠡᠨᠡᠳᠲᠡ ᠡᠭᠦᠰᠦᠭᠰᠡᠨ ᠭᠠᠯ ᠲᠦᠢᠮᠡᠷ ᠢ ᠪᠤᠰᠢᠭᠤ ᠲᠦᠷᠭᠡᠨ ᠤᠨᠲᠠᠷᠠᠭᠠᠵᠤ᠂ ᠥᠨᠳᠥᠷ ᠪᠦᠲᠦᠮᠵᠢᠲᠡᠶ ᠰᠢᠢᠳᠪᠦᠷᠢᠯᠡᠨ᠂ ︽ᠡᠷᠲᠡ ᠠᠴᠠ ᠨᠢ ᠪᠠᠭ᠎ᠠ | ᠳᠡᠭᠡᠷ᠎ᠡ ᠨᠢ ᠪᠦᠷᠢᠮᠦᠰᠦᠨ ᠤᠨᠲᠠᠷᠠᠭᠠᠬᠤ︾ ᠶᠢ ᠦᠨᠡᠨ ᠬᠦ ᠪᠠᠲᠤᠯᠠᠬᠤ ᠬᠡᠷᠡᠭᠲᠡᠢ᠃ ᠭᠠᠯ ᠲᠦᠢᠮᠡᠷ ᠢ ᠤᠨᠲᠠᠷᠠᠭᠠᠵᠤ ᠠᠪᠤᠷᠠᠯᠲᠠ ᠬᠢᠬᠦ ᠳᠤ ᠬᠠᠷᠢᠶ᠎ᠠ ᠭᠠᠵᠠᠷ ᠢᠶᠠᠷ | ᠭᠤᠣᠯ ᠪᠣᠯᠭᠠᠬᠤ ᠵᠠᠷᠴᠢᠮ ᠢ ᠪᠠᠷᠢᠮᠲᠠᠯᠠᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠢᠯᠤᠭᠤᠳᠬᠤ | ᠭᠠᠵᠠᠷ ᠤᠨ ᠡᠷᠬᠡ ᠰᠦᠷ ᠢ ᠪᠠᠳᠠᠷᠠᠭᠠᠵᠤ᠂ ᠨᠢᠭᠡᠳᠦᠯᠲᠡᠢ ᠵᠢᠯᠣᠭᠤᠳᠤᠨ᠂ ᠰᠢᠨᠵᠢᠯᠡᠬᠦ ᠤᠬᠠᠭᠠᠨᠴᠢ ᠪᠠᠷ ᠤᠨᠲᠠᠷᠠᠭᠠᠵᠤ ᠠᠪᠤᠷᠠᠬᠤ ᠬᠡᠷᠡᠭᠲᠡᠢ᠃ ᠠᠮᠢ ᠨᠠᠰᠤ ᠶᠢ ᠳᠡᠭᠡᠳᠦᠯᠡᠬᠦ᠂ | ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠲᠠᠢ᠂ ᠭᠠᠯ ᠲᠦᠢᠮᠡᠷ | ᠤᠨᠲᠠᠷᠠᠭᠠᠬᠤ ᠲᠤᠰᠬᠠᠶᠢᠵᠢᠭᠰᠠᠨ ᠵᠠᠮ ᠢᠶᠠᠷ ᠵᠠᠮᠨᠠᠵᠤ᠂ ᠣᠯᠠᠨ ᠲᠦᠮᠡᠨ ᠤ ᠭᠠᠯ ᠲᠦᠢᠮᠡᠷ ᠤᠨᠲᠠᠷᠠᠭᠠᠬᠤ ᠠᠵᠢᠯ ᠳᠤ ᠰᠢᠭᠤᠳ ᠣᠷᠤᠯᠴᠠᠬᠤ ᠠᠴᠠ ᠡᠷᠡᠰ ᠵᠠᠶᠢᠯᠠᠰᠬᠢᠵᠦ᠂ | ᠨᠠᠰᠤᠲᠠᠶᠢᠴᠤᠳ᠂ ᠨᠠᠰᠤᠨ ᠳᠤ ᠥᠯᠥ ᠬᠦᠷᠦᠭᠰᠡᠳ᠂ ᠰᠤᠷᠤᠭᠴᠢᠳ ᠵᠡᠷᠭᠡ ᠤᠨ ᠭᠠᠯ ᠲᠦᠢᠮᠡᠷ ᠤᠨᠲᠠᠷᠠᠭᠠᠬᠤ ᠳᠤ ᠣᠷᠣᠯᠴᠠᠬᠤ ᠶᠢ ᠴᠠᠭᠠᠵᠠᠯᠠᠵᠤ᠂ ᠬᠥᠮᠥᠨ ᠬᠠᠷ᠎ᠠ | ᠠᠳᠡᠵᠦ ᠰᠢᠷᠬᠠᠲᠤᠬᠤ ᠭᠡᠨᠡᠳᠡᠯ ᠭᠠᠷᠬᠤ ᠠᠴᠠ ᠴᠢᠩᠭ᠎ᠠ ᠰᠡᠷᠭᠡᠶᠢᠯᠡᠬᠦ ᠬᠡᠷᠡᠭᠲᠡᠢ᠃ | ᠲᠠᠪᠤ᠂ ᠰᠢᠮᠳᠠᠭᠤᠯᠤᠨ ᠵᠢᠯᠤᠭᠤᠳᠴᠤ ᠬᠠᠷᠢᠭᠤᠴᠠᠯᠭ᠎ᠠ ᠲᠤᠯᠭᠠᠨ ᠬᠡᠯᠡᠯᠴᠡᠬᠦ ᠶᠢ ᠴᠢᠩᠳᠠᠯᠠᠬᠤ ᠬᠡᠷᠡᠭᠲᠡᠢ | ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠬᠡᠷᠡᠭ ᠪᠦᠷᠢ ᠶᠢ ᠵᠠᠪᠠᠯ | ᠪᠠᠶᠢᠴᠠᠭᠠᠵᠤ᠂ ᠬᠡᠷᠡᠭ ᠪᠦᠷᠢ ᠠᠴᠠ ᠵᠠᠪᠠᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ | ᠴᠢᠩᠭᠠᠷᠠᠭᠤᠯᠵᠤ᠂ ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠭᠡᠢ ᠪᠤᠶᠤ ᠨᠠᠶᠢᠳᠠᠪᠤᠷᠢᠵᠢᠭᠤᠯᠤᠭᠰᠠᠨ ᠢᠶᠠᠷ | ᠠᠨᠠᠶᠢᠬᠠᠨ ᠠᠴᠠ ᠪᠣᠯᠵᠤ ᠬᠦᠨᠳᠦ ᠣᠨᠴᠠ ᠶᠡᠭᠡ ᠭᠠᠯ ᠲᠦᠢᠮᠡᠷ ᠭᠠᠷᠤᠭᠰᠠᠨ ᠪᠤᠶᠤ ᠬᠥᠮᠥᠨ ᠬᠠᠷ᠎ᠠ ᠠᠳᠡᠵᠦ ᠰᠢᠷᠬᠠᠲᠤᠭᠰᠠᠨ ᠭᠡᠨᠡᠳᠡᠯ ᠭᠠᠷᠤᠭᠰᠠᠨ ᠭᠠᠵᠠᠷ ᠣᠷᠣᠨ᠂ | ᠨᠢᠭᠡᠴᠢ ᠪᠣᠯᠣᠨ ᠬᠠᠷᠢᠭᠤᠴᠠᠯᠭᠠᠲᠠᠨ ᠠᠴᠠ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠵᠢᠷᠭᠤᠭ᠎ᠠ᠂ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠢ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠢ ᠨᠢ ᠡᠯ᠎ᠡ ᠵᠦᠢᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠣᠯᠠᠨ ᠵᠦᠢᠯ ᠤᠨ ᠬᠡᠯᠪᠡᠷᠢ | ᠮᠠᠶ᠋ᠢᠭ ᠢᠶᠠᠷ ᠣᠶ ᠰᠢᠭᠤᠢ ᠶᠢᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠢ ᠥᠷᠭᠡᠨ ᠳᠡᠯᠭᠡᠷ ᠥᠷᠨᠢᠭᠦᠯᠦᠨ᠂ ᠣᠯᠠᠨ ᠨᠡᠶᠢᠲᠡ ᠶᠢᠨ | ᠬᠠᠷᠢᠭᠤᠴᠠᠯᠭᠠᠲᠤ ᠦᠵᠡᠯ ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ ᠪᠣᠯᠣᠨ ᠬᠠᠤᠯᠢ ᠪᠠᠷ ᠵᠠᠰᠠᠬᠤ ᠦᠵᠡᠯ ᠤᠬᠠᠮᠰᠠᠷ ᠢ ᠨᠢ ᠨᠡᠮᠡᠭᠳᠡᠭᠦᠯᠵᠦ᠂ ᠣᠯᠠᠨ | ᠨᠡᠶᠢᠲᠡ ᠶᠢᠨ ᠤᠷᠢᠳᠴᠢᠯᠠᠨ ᠰᠡᠷᠭᠡᠶᠢᠯᠡᠬᠦ᠂ ᠠᠶᠤᠯ ᠠᠴᠠ ᠵᠠᠶᠢᠯᠠᠰᠬᠢᠬᠦ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠪᠠ ᠭᠠᠮᠰᠢᠭ ᠢ ᠪᠠᠭᠠᠰᠬᠠᠬᠤ ᠴᠢᠳᠠᠪᠤᠷᠢ ᠶᠢ | ᠨᠢ ᠳᠡᠭᠡᠭᠰᠢᠯᠡᠭᠦᠯᠵᠦ᠂ ᠭᠠᠯ ᠲᠦᠢᠮᠡᠷ ᠭᠠᠷᠤᠭᠰᠠᠨ ᠴᠦ ᠭᠠᠮᠰᠢᠭ ᠪᠣᠯᠬᠤ ᠦᠭᠡᠢ᠂ ᠭᠠᠯ ᠤᠨ ᠭᠠᠮᠰᠢᠭ ᠡᠭᠦᠰᠦᠭᠰᠡᠨ ᠴᠦ ᠠᠳᠡᠵᠦ ᠰᠢᠷᠬᠠᠲᠤᠭᠰᠠᠨ ᠦᠭᠡᠢ ᠪᠠᠶᠢᠬᠤ ᠶᠢ | ᠪᠡᠶᠡᠯᠡᠭᠦᠯᠬᠦ ᠬᠡᠷᠡᠭᠲᠡᠢ᠃ | 2023 ᠣᠨ ᠤ 3 ᠳ᠋ᠤᠭᠠᠷ ᠰᠠᠷ᠎ᠠ ᠶᠢᠨ 19 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |