ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | ᠥᠪᠥᠷ ᠵᠠᠰᠠᠭ ᠦᠰᠦᠭ ﹇ 2023 ﹈ 52 ᠳ᠋ᠤᠭᠠᠷ ᠲᠣᠭᠠᠲᠤ | | | 2023 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ ᠤ ᠬᠤᠯᠪᠣᠭᠳᠠᠯ ᠪᠦᠬᠦᠢ ᠤᠴᠢᠷ ᠤᠨ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠂ | ᠥᠪᠡᠷᠲᠡᠭᠡᠨᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠳᠡᠰ ᠳᠠᠪᠬᠤᠷᠭ᠎ᠠ ᠪᠠ | ᠲᠥᠷᠥᠯᠠᠩᠭᠢᠯᠠᠭᠰᠠᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠣᠭᠲᠠᠯᠴᠠᠭ᠎ᠠ ᠶᠢ ᠲᠦᠷᠭᠡᠳᠬᠡᠨ ᠪᠦᠷᠢᠨᠰᠢᠭᠦᠯᠵᠦ ᠂ ᠪᠥᠬᠦ ᠣᠷᠣᠨ ᠤ ᠬᠦᠴᠢᠷᠳᠡᠯᠲᠡᠢ ᠣᠯᠠᠨ | ᠲᠦᠮᠡᠨ ᠤᠦᠨᠳᠦᠰᠦᠨ ᠠᠮᠢᠳᠤᠷᠠᠯ ᠢ ᠲᠡᠩᠬᠡᠷᠡᠭᠦᠯᠦᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠦᠷ᠎ᠡᠪᠦ᠋ᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ ᠂ ᠬᠦᠴᠢᠷᠳᠡᠯᠲᠡᠢ ᠣᠯᠠᠨ ᠲᠦᠮᠡᠨ ᠤ ᠭᠦᠷᠳᠡᠬᠡᠮᠵᠢᠲᠦ ᠰᠡᠳᠬᠢᠯᠭᠡ ᠂ ᠵᠣᠯ ᠵᠢᠷᠭᠠᠯᠲᠤ ᠰᠡᠳᠬᠢᠯᠭᠡ ᠂ | ᠠᠮᠤᠷᠲ᠋ᠦ᠋ᠪᠰᠢᠨ ᠰᠡᠳᠬᠢᠯᠭᠡ ᠶᠢ ᠨᠢ ᠲᠠᠰᠤᠷᠠᠯᠲᠠ ᠦᠭᠡᠢ ᠨᠡᠮᠡᠭᠳᠡᠭᠦᠯᠬᠦ ᠶᠢᠨ ᠲᠤᠰᠠᠳᠠ ᠂ ᠡᠳᠦᠭᠡ 2023 ᠣᠨ ᠤ ᠪᠥᠬᠦ ᠣᠷᠣᠨ ᠤ ᠨᠡᠶᠢᠭᠡᠮ ᠤᠨ | ᠲᠡᠩᠬᠡᠷᠡᠭᠦᠯᠦᠨᠲ᠋ᠤᠰᠠᠯᠠᠬᠤ ᠪᠠᠷᠢᠮᠵᠢᠶᠠᠨ ᠤ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ ᠃ | ᠨᠢᠭᠡ ᠂ ᠬᠢᠨᠠᠨ ᠬᠠᠷᠭᠤᠭᠤᠯᠵᠤ ᠲᠣᠭᠲᠠᠭᠠᠭᠰᠠᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ 2023 ᠣᠨ ᠤ ᠨᠡᠶᠢᠭᠡᠮ ᠤᠨ ᠲᠡᠩᠬᠡᠷᠡᠭᠦᠯᠦᠨ | ᠲᠤᠰᠠᠯᠠᠬᠤᠪᠠᠷᠢᠮᠵᠢᠶᠠ ᠶᠢ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ ᠂ ᠡᠯ᠎ᠡ ᠭᠠᠵᠠᠷ ᠣᠷᠣᠨ ᠨᠢ ᠴᠠᠭ ᠲᠤᠬᠠᠢ ᠳᠤ ᠨᠢ | ᠨᠡᠶᠢᠭᠡᠮᠨᠡᠶᠢᠳᠡ ᠳᠤ ᠨᠡᠶᠢᠲᠡᠯᠡᠬᠦ ᠬᠡᠷᠡᠭᠲᠡᠢ ᠃ ᠲᠣᠰ ᠣᠨ ᠤ ᠳᠣᠲᠣᠷ᠎ᠠ ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠳᠠᠬᠢᠨᠲᠠ ᠲᠣᠬᠢᠷᠠᠭᠤᠯᠬᠤ | ᠴᠢᠬᠤᠯᠠ ᠲᠠᠢᠪᠣᠯ ᠡᠷᠬᠡᠪᠰᠢ ᠬᠤᠯᠪᠣᠭᠳᠠᠯ ᠪᠦᠬᠦᠢ ᠲᠠᠰ ᠳᠠᠷᠠᠭᠠᠯᠠᠯ ᠶᠣᠰᠣᠭᠠᠷ ᠳᠡᠭᠡᠭᠰᠢ ᠮᠡᠳᠡᠭᠦᠯᠵᠦ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠵᠶ᠋ᠠᠷᠵᠥ᠋ᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ ᠃ ᠡᠯ᠎ᠡ ᠭᠠᠵᠠᠷ ᠣᠷᠣᠨ ᠨᠢ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ ᠳᠠᠷᠠᠭᠠᠬᠢ | ᠰᠢᠨ᠎ᠡ ᠪᠡᠷᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠡᠬᠦ ᠪᠠᠷ ᠭᠤᠶᠤᠴᠢᠯᠠᠭᠰᠠᠨ ᠂ ᠣᠨᠴᠠ ᠬᠦᠴᠢᠷᠳᠡᠯᠲᠡᠢ ᠬᠥᠮᠥᠰ ᠢᠶᠠᠷ | ᠭᠤᠶᠤᠴᠢᠯᠠᠭᠰᠠᠨᠭᠡᠷ ᠪᠦᠯᠢ ᠶᠢᠨ ᠬᠢᠨ ᠤ ᠣᠷᠣᠯᠭ᠎ᠠ ᠶᠢ ᠲᠥᠰᠥᠭᠡᠯᠡᠨ ᠪᠣᠳᠣᠬᠤ ᠪᠠ ᠤᠤᠯ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠂ ᠣᠨᠴᠠ | ᠬᠦᠴᠢᠷᠳᠡᠯᠲᠡᠢ ᠬᠥᠮᠥᠰ ᠤᠨᠨᠥ᠋ᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠠᠵᠢᠯ ᠢ ᠰᠠᠶᠢᠲᠤᠷ ᠬᠢᠵᠦ ᠂ ᠪᠠᠲᠤᠯᠠᠪᠠᠰᠤ ᠵᠣᠬᠢᠬᠤ ᠶᠢ ᠨᠢ ᠴᠢᠳᠠᠬᠤ ᠶᠢᠨ | ᠳᠣᠲᠣᠷ᠎ᠠ ᠪᠠᠲᠤᠯᠠᠬᠤ ᠶᠢ ᠦᠨᠡᠨ ᠬᠦᠪᠠᠲᠤᠯᠠᠬᠤ ᠬᠡᠷᠡᠭᠲᠡᠢ ᠃ | ᠬᠤᠶᠠᠷ ᠂ ᠪᠦᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠳᠤ ᠬᠤᠳᠡ ᠬᠥᠳᠡᠭᠡ ᠶᠢ ᠨᠢᠭᠡᠳᠦᠯᠲᠡᠢ ᠲᠥᠯᠥᠪᠯᠡᠬᠦ ᠪᠠᠨ ᠲᠦᠷᠭᠡᠳᠬᠡᠬᠦ | ᠬᠡᠷᠡᠭᠲᠡᠢ | ᠡᠯ᠎ᠡ ᠭᠠᠵᠠᠷ ᠣᠷᠣᠨ ᠨᠢ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ ᠠᠷᠪᠠᠨ ᠳᠥᠷᠪᠡᠳᠦᠭᠡᠷ ᠲᠠᠪᠤᠨ ᠵᠢᠯ ﹀ ᠤᠨ ᠠᠷᠠᠳ ᠤᠨ | ᠶᠠᠪᠤᠳᠠᠯ ᠤᠨᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ | ᠬᠤᠲᠠᠬᠥ᠋ᠳᠡᠭᠡ ᠪᠠ ᠣᠷᠣᠨ ᠪᠦᠰᠡ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠨ ᠂ ᠦᠨᠳᠦᠰᠦᠨ ᠠᠮᠢᠳᠤᠷᠠᠯ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ | ᠳ᠋ᠥᠬᠥ᠋ᠳᠡᠯᠦᠩᠭᠦᠢ ᠪᠠᠷ ᠲᠣᠬᠢᠷᠠᠭᠤᠯᠤᠯᠲᠠ ᠬᠢᠬᠦ ᠲᠣᠭᠲᠠᠴᠠ ᠶᠢ ᠲᠡᠭᠦᠯᠳᠡᠷᠵᠢᠭᠦᠯᠵᠦ ᠂ ᠬᠦᠴᠢᠷᠳᠡᠯᠲᠡᠢ ᠣᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ | ᠦᠷ᠎ᠡᠪᠦ᠋ᠲᠦᠭᠡᠯ ᠢ ᠴᠠᠭ ᠲᠤᠬᠠᠢ ᠳᠤ ᠨᠢ ᠭᠦᠢᠴᠡᠳ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ ᠃ 2023 ᠣᠨ ᠳᠤ ᠂ ᠠᠯᠠᠱᠠ ᠠᠶᠢᠮᠠᠭ ᠢ ᠪᠥᠬᠦ ᠣᠷᠣᠨ ᠤ | ᠠᠶᠢᠮᠠᠭᠬᠤᠲᠠ ᠶᠢᠨ ᠱᠠᠲᠤᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠳᠠᠬᠢ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠲᠤᠷᠰᠢᠯᠲᠠ ᠶᠢᠨ | ᠴᠡᠭ ᠵᠶ᠋ᠠᠷᠲ᠋ᠣᠭᠲᠠᠭᠠᠵᠤ ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠂ ᠬᠥᠯᠥᠨ ᠪᠤᠶᠢᠷ ᠬᠤᠲᠠ ᠶᠢᠨ ᠣᠷᠴᠣᠨ ᠬᠤᠰᠢᠭᠤ ᠪᠠ ᠣᠷᠳᠣᠰ ᠬᠤᠲᠠ ᠶᠢᠨ | ᠳ᠋ᠦᠩᠱᠧᠩᠲ᠋ᠣᠭᠤᠷᠢᠭ ᠂ ᠣᠲᠤᠭ ᠬᠤᠰᠢᠭᠤ ᠶᠢ ᠪᠥᠬᠦ ᠣᠷᠣᠨ ᠤ ᠬᠤᠰᠢᠭᠤ ᠰᠢᠶᠠᠨ ᠤ ᠱᠠᠲᠤᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠳᠠᠬᠢ ᠬᠤᠲᠠ | ᠬᠥᠳᠡᠭᠡ ᠵᠢᠨᠢᠭᠡᠳᠦᠯᠲᠡᠢ ᠲᠥᠯᠥᠪᠯᠡᠬᠦ ᠲᠤᠷᠰᠢᠯᠲᠠ ᠶᠢᠨ ᠴᠡᠭ ᠢᠶᠠᠷ ᠲᠣᠭᠲᠠᠭᠠᠪᠠ ᠃ ᠡᠯ᠎ᠡ ᠲᠤᠷᠰᠢᠯᠲᠠ ᠶᠢᠨ ᠴᠡᠭ ᠤᠨ ᠭᠠᠵᠠᠷ ᠣᠷᠣᠨ ᠨᠢ ᠬᠤᠯᠪᠣᠭᠳᠠᠯ ᠪᠦᠬᠦᠢ | ᠱᠠᠭᠠᠷᠳᠠᠯᠭ᠎ᠠᠶᠣᠰᠣᠭᠠᠷ ᠂ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠵᠦ ᠂ ᠠᠵᠢᠯ ᠢᠶᠠᠨ ᠡᠮᠬᠢ ᠵᠢᠷᠤᠮ ᠲᠠᠢ ᠪᠠᠷ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ | | ᠭᠤᠷᠪᠠ ᠂ ᠬᠦᠴᠢᠷᠳᠡᠯᠲᠡᠢ ᠣᠯᠠᠨ ᠲᠦᠮᠡᠨ ᠳᠤ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠣᠯᠭᠤᠬᠤ ᠶᠢ ᠵᠢᠷᠤᠮᠵᠢᠭᠤᠯᠬᠤ ᠬᠡᠷᠡᠭᠲᠡᠢ | ᠡᠯ᠎ᠡ ᠭᠠᠵᠠᠷ ᠣᠷᠣᠨ ᠨᠢ ︽ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ | ᠠᠯᠬᠤᠮᠴᠢᠩᠭᠠᠳᠬᠠᠬᠤ ᠰᠠᠨᠠᠯ ᠤᠨ ᠲᠤᠬᠠᠢ ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ᠤᠨ ᠶᠠᠮᠤᠨ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠵᠢᠨᠵᠥ᠋ᠪᠯᠡᠯ ᠤᠨ ᠮᠡᠳᠡᠭᠳᠡᠯ ︾ ︵ᠠᠷᠠᠳ ᠲᠠᠷᠬᠠᠭᠠᠭᠰᠠᠨ ﹇ 2019 ﹈ 139 ᠳ᠋ᠦ᠋ᠭᠡᠷ ᠲᠣᠭᠠᠲᠤ ︶ ᠂ ︽ᠬᠦᠴᠢᠷᠳᠡᠯᠲᠡᠢ ᠣᠯᠠᠨ ᠲᠦᠮᠡᠨ ᠢ | ᠲᠡᠩᠬᠡᠷᠡᠭᠦᠯᠦᠨ ᠲᠤᠰᠠᠯᠠᠬᠤᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠠᠷᠠᠳ ᠤᠨ ᠶᠠᠪᠤᠳᠠᠯ ᠤᠨ | ᠶᠠᠮᠤᠨ ᠡᠳ᠋ ᠤᠨ ᠵᠠᠰᠠᠭ ᠤᠨᠶᠠᠮᠤᠨ ᠤ ᠰᠠᠨᠠᠯ ︾ ︵ᠠᠷᠠᠳ ᠲᠠᠷᠬᠠᠭᠠᠭᠰᠠᠨ ﹇ 2022 ﹈ 95 ᠳ᠋ᠤᠭᠠᠷ ᠲᠣᠭᠠᠲᠤ ︶ ᠪᠠ ︽ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠦᠴᠢᠷᠳᠡᠯᠲᠡᠢᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ ︾ ︵ᠥᠪᠥᠷ | ᠡᠳ᠋ ᠨᠡᠶᠢᠭᠡᠮ ﹇ 2022 ﹈ 1109ᠳ᠋ᠦ᠋ᠭᠡᠷ ᠲᠣᠭᠠᠲᠤ ︶ ᠵᠡᠷᠭᠡ ᠬᠠᠮᠢᠶ᠎ᠠ ᠪᠦᠬᠦᠢ ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ ᠂ ᠬᠦᠴᠢᠷᠳᠡᠯᠲᠡᠢ ᠣᠯᠠᠨ ᠲᠦᠮᠡᠨ ᠢ | ᠲᠡᠩᠬᠡᠷᠡᠭᠦᠯᠦᠨ ᠲᠤᠰᠠᠯᠠᠬᠤ ᠨᠥᠬᠦᠪᠦᠷᠢ ᠵᠢᠨᠪᠡᠯᠡ ᠮᠥᠩᠭᠦᠨ ᠤ ᠲᠥᠰᠥᠪ ᠤᠨ ᠬᠡᠷᠡᠭᠵᠢᠭᠦᠯᠦᠯᠲᠡ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ ᠃ ᠡᠯ᠎ᠡ ᠠᠶᠢᠮᠠᠭᠬᠤᠲᠠ ᠵᠢᠴᠢ ᠬᠠᠷᠢᠶ᠎ᠠ ᠬᠤᠰᠢᠭᠤ ᠰᠢᠶᠠᠨ ︵ ᠬᠤᠲᠠ ᠂ ᠲᠣᠭᠤᠷᠢᠭ ︶ ᠨᠢ ᠬᠦᠴᠢᠷᠳᠡᠯᠲᠡᠢ ᠣᠯᠠᠨ ᠲᠦᠮᠡᠨ ᠢ | ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡᠮᠥ᠋ᠩᠭᠦ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠵᠤ ᠂ ᠪᠡᠯᠡ ᠮᠥᠩᠭᠦ ᠶᠢ | ᠳᠠᠭᠠᠭᠠᠨ ᠪᠠᠲᠤᠯᠠᠬᠤ ᠬᠠᠷᠢᠭᠤᠴᠠᠯᠭ᠎ᠠ ᠶᠢ ᠴᠢᠩᠭᠠᠨᠠᠶᠢᠳᠠᠪᠤᠷᠢᠵᠢᠭᠤᠯᠬᠤ ᠬᠡᠷᠡᠭᠲᠡᠢ ᠃ ᠡᠳ᠋ ᠤᠨ ᠵᠠᠰᠠᠭ ᠤᠨ ᠦᠯᠡᠳᠡᠭᠡᠯ ᠪᠡᠯᠡ ᠮᠥᠩᠭᠦ ᠶᠢ ᠢᠳᠡᠪᠬᠢᠲᠡᠢ ᠪᠠᠷ | ᠴᠢᠯᠦᠭᠡᠲᠡᠢ ᠭᠦᠢᠯᠬᠡᠬᠡᠵᠦ ᠂ ᠳ᠋ᠦᠩᠨᠡᠨ ᠰᠢᠯᠵᠢᠭᠦᠯᠦᠭᠰᠡᠨᠦᠯᠡᠳᠡᠪᠦᠷᠢ ᠪᠡᠯᠡ ᠮᠥᠩᠭᠦ ᠶᠢ ᠰᠢᠩᠭᠡᠭᠡᠬᠦ ᠡᠷᠴᠢᠮ ᠢᠶᠠᠨ ᠴᠢᠩᠭᠠᠷᠠᠭᠤᠯᠤᠨ ᠂ 2023 ᠣᠨ ᠤ 6 ᠳ᠋ᠤᠭᠠᠷ | ᠰᠠᠷ᠎ᠠ ᠶᠢᠨ 10 ᠤ ᠡᠳᠦᠷ ᠠᠴᠠ ᠡᠮᠦᠨ᠎ᠡ ᠰᠢᠨᠡᠪᠠᠷᠢᠮᠵᠢᠶᠠ ᠶᠣᠰᠣᠭᠠᠷ ᠳᠡᠭᠡᠷ᠎ᠡ ᠬᠠᠭᠠᠰ ᠵᠢᠯ ᠤᠨ ᠪᠡᠯᠡ ᠮᠥᠩᠭᠦ ᠪᠠᠨ ᠨᠥᠬᠦᠨ ᠣᠯᠭᠤᠵᠤ ᠳᠠᠭᠤᠰᠬᠠᠬᠤ ᠶᠢ ᠦᠨᠡᠨ | ᠬᠦ ᠪᠠᠲᠤᠯᠠᠵᠤ ᠂ 7 ᠳ᠋ᠤᠭᠠᠷ ᠰᠠᠷ᠎ᠠ ᠠᠴᠠ ᠬᠤᠶᠢᠰᠢᠰᠢᠨᠡ ᠪᠠᠷᠢᠮᠵᠢᠶ᠎ᠠ ᠪᠠᠷ ᠣᠯᠭᠤᠬᠤ ᠬᠡᠷᠡᠭᠲᠡᠢ ᠃ | | | | | ᠳᠠᠭᠠᠯᠳᠤᠭᠤᠯᠤᠯ ᠄ 1.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶᠠᠨ ᠤᠲ᠋ᠣᠳᠣᠷᠬᠠᠶᠢᠯᠠᠯ ᠤᠨ ᠬᠦᠰᠦᠨᠦᠭᠲᠦ | 2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ | ᠠᠮᠢᠳᠤᠷᠠᠯ ᠤᠨᠪᠠᠷᠢᠮᠵᠢᠶᠠᠨ ᠤ ᠲᠣᠳᠣᠷᠬᠠᠶᠢᠯᠠᠯ ᠤᠨ ᠬᠦᠰᠦᠨᠦᠭᠲᠦ | 3.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠣᠨᠴᠠ ᠬᠦᠴᠢᠷᠳᠡᠯᠲᠡᠢ ᠬᠥᠮᠥᠰ ᠢ ᠠᠰᠠᠷᠠᠵᠤ ᠰᠤᠪᠢᠯᠠᠬᠤ | ᠪᠠᠷᠢᠮᠵᠢᠶᠠᠨ ᠤᠲ᠋ᠣᠳᠣᠷᠬᠠᠶᠢᠯᠠᠯ ᠤᠨ ᠬᠦᠰᠦᠨᠦᠭᠲᠦ | | | | | | 2023 ᠣᠨ ᠤ 4 ᠳ᠋ᠦ᠋ᠭᠡᠷ ᠰᠠᠷ᠎ᠠ ᠶᠢᠨ 29 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶ | | |