ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ ﹇2023﹈ 7 ᠳ᠋ᠤᠭᠠᠷ ᠲᠣᠭᠠᠲᠤ | ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠠᠨᠠᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ︵ᠳᠣᠷᠣᠭᠰᠢ ︽ᠬᠠᠤᠯᠢ ᠴᠠᠭᠠᠵᠠ ᠶᠢᠨ | ᠲᠤᠰᠠᠯᠠᠮᠵᠢ ᠶᠢᠨ ᠬᠠᠤᠯᠢ︾ ᠭᠡᠵᠦ ᠲᠣᠪᠴᠢᠯᠠᠨ᠎ᠠ︶ ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ | ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠠᠬᠢ ᠬᠠᠤᠯᠢ ᠴᠠᠭᠠᠵᠠ ᠶᠢᠨ ᠲᠤᠰᠠᠯᠠᠮᠵᠢ ᠶᠢᠨ | ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠳᠣᠣᠷᠠᠬᠢ ᠰᠠᠨᠠᠯ ᠢ ᠳᠤᠷᠠᠳᠪᠠ᠃ | ᠨᠢᠭᠡ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ ᠤ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ | ᠬᠡᠷᠡᠭᠲᠡᠢ | ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠲᠥᠪ ᠭᠤᠣᠯᠴᠢ ᠪᠠᠷ ᠬᠠᠤᠯᠢ ᠪᠠᠷᠢᠬᠤ ᠪᠣᠯ ᠨᠡᠶᠢᠭᠡᠮ ᠤᠨ | ᠠᠳᠠᠯᠢ ᠲᠡᠭᠰᠢ ᠰᠢᠳᠤᠷᠭᠤ ᠶᠣᠰᠣ ᠶᠢ ᠰᠠᠬᠢᠨ ᠬᠠᠮᠠᠭᠠᠯᠠᠬᠤ ᠶᠢᠨ ᠬᠠᠮᠤᠭ ᠡᠴᠦᠰ ᠤᠨ ᠰᠡᠷᠭᠡᠶᠢᠯᠡᠯᠲᠡ ᠶᠢᠨ ᠱᠤᠭᠤᠮ ᠮᠥᠨ᠃ ᠬᠠᠤᠯᠢ ᠪᠠᠷᠢᠬᠤ ᠪᠠᠶᠢᠭᠤᠯᠤᠯ ᠤᠨ | ᠶᠡᠷᠦᠩᠬᠡᠶᠢᠯᠡᠭᠰᠡᠨ ᠲᠥᠬᠦᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠪᠠᠷᠢᠬᠤ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠣᠨᠣᠪᠴᠢᠲᠠᠢ | ᠨᠠᠶᠢᠳᠠᠪᠤᠷᠢᠵᠢᠭᠤᠯᠤᠨ᠂ ᠲᠥᠪ ᠭᠤᠣᠯᠴᠢ ᠥᠨᠳᠥᠷ ᠪᠦᠲᠦᠮᠵᠢᠲᠡᠢ ᠪᠥᠭᠡᠳ ᠡᠷᠬᠡ ᠰᠦᠷᠲᠡᠢ ᠨᠡᠶᠢᠭᠡᠮ ᠵᠢᠷᠤᠮ ᠤᠨ ᠬᠠᠤᠯᠢ ᠪᠠᠷᠢᠬᠤ ᠳᠦᠷᠢᠮ ᠢ ᠲᠦᠷᠭᠡᠳᠬᠡᠨ | ᠪᠠᠶᠢᠭᠤᠯᠵᠤ᠂ ᠬᠠᠤᠯᠢ ᠴᠠᠭᠠᠵᠠ ᠶᠢᠨ ᠬᠡᠷᠡᠭ ᠨᠢᠭᠡ ᠪᠦᠷᠢ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠭᠰᠠᠨ ᠲᠥᠷᠥᠭᠳᠡᠯ | ᠣᠯᠭᠤᠬᠤ ᠪᠠᠷ ᠴᠢᠷᠮᠠᠶᠢᠨ᠎ᠠ︾ ᠭᠡᠵᠦ ᠵᠢᠭᠠᠵᠤ ᠭᠠᠷᠭᠠᠪᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠬᠠᠤᠯᠢ ᠪᠠᠷᠢᠬᠤ ᠳᠦᠷᠢᠮ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠪᠠ ᠤᠯᠤᠰ ᠤᠨ | ᠬᠠᠤᠯᠢᠵᠢᠯ ᠤᠨ ᠪᠣᠯᠪᠠᠰᠤᠨ ᠤ ᠬᠡᠮᠵᠢᠶ᠎ᠡ ᠶᠢ ᠬᠠᠷᠠᠭᠤᠯᠬᠤ ᠶᠢᠨ ᠴᠢᠬᠤᠯᠠ ᠪᠡᠯᠭᠡ ᠲᠡᠮᠳᠡᠭ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢᠨ ᠬᠠᠤᠯᠢ ᠲᠣᠭᠲᠠᠭᠠᠭᠰᠠᠨ ᠵᠣᠷᠢᠭ ᠰᠠᠨᠠᠭ᠎ᠠ ᠪᠠ | ᠦᠢᠯᠡᠳᠦᠯᠭᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠰᠤᠷᠤᠯᠴᠠᠨ ᠣᠶᠢᠯᠠᠭᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠷᠢᠭᠤᠴᠠᠯᠭ᠎ᠠ ᠶᠢ ᠦᠨᠡᠨ ᠬᠦ ᠳᠠᠭᠠᠭᠠᠨ ᠡᠭᠦᠷᠭᠡᠯᠡᠵᠦ᠂ ᠬᠥᠮᠥᠨ ᠤ ᠡᠷᠬᠡ ᠶᠢ ᠬᠠᠤᠯᠢ | ᠪᠠᠷᠢᠬᠤ ᠪᠠᠷ ᠪᠠᠲᠤᠯᠠᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠲᠠᠯ᠎ᠠ ᠳᠠᠬᠢ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ | ᠬᠤᠶᠠᠷ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠤᠨ ᠬᠦᠷᠢᠶ᠎ᠡ ᠬᠡᠪᠴᠢᠶ᠎ᠡ ᠪᠠ ᠨᠥᠬᠦᠪᠦᠷᠢ ᠶᠢᠨ ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠢ | ︵ᠨᠢᠭᠡ︶ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠤᠨ ᠬᠦᠷᠢᠶ᠎ᠡ ᠬᠡᠪᠴᠢᠶ᠎ᠡ᠃ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢᠨ | ᠲᠣᠭᠲᠠᠭᠠᠯ ᠢ ᠦᠨᠳᠦᠰᠦᠯᠡᠪᠡᠯ᠂ ᠳᠣᠣᠷ᠎ᠠ ᠵᠢᠭᠰᠠᠭᠠᠭᠰᠠᠨ ᠵᠦᠢᠯᠡᠰ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠤᠨ ᠬᠦᠷᠢᠶ᠎ᠡ ᠬᠡᠪᠴᠢᠶᠡᠨ ᠳᠤ ᠪᠠᠭᠲᠠᠨ᠎ᠠ᠄ | 1. ᠡᠷᠡᠭᠦᠦ ᠶᠢᠨ ᠬᠡᠷᠡᠭ᠄ | ︵1︶ ᠡᠷᠡᠭᠦᠦ ᠶᠢᠨ ᠬᠡᠷᠡᠭ ᠤᠨ ᠶᠠᠯᠠᠲᠤ ᠬᠡᠷᠡᠭ ᠤᠨ ᠰᠡᠵᠢᠭᠲᠡᠨ᠂ ᠵᠠᠭᠠᠯᠳᠤᠭᠳᠠᠭᠴᠢ ᠨᠢ ᠠᠵᠤ ᠠᠬᠤᠢ ᠶᠢᠨ ᠬᠦᠴᠢᠷᠳᠡᠯ ᠪᠤᠶᠤ ᠪᠤᠰᠤᠳ ᠰᠢᠯᠲᠠᠭᠠᠨ ᠠᠴᠠ | ᠪᠣᠯᠵᠤ ᠥᠮᠥᠭᠯᠡᠭᠴᠢ ᠳᠤ ᠨᠠᠶᠢᠳᠠᠭᠰᠠᠨ ᠦᠭᠡᠢ ᠪᠠᠶᠢᠪᠠᠯ᠂ ᠲᠤᠰ ᠬᠥᠮᠥᠨ ᠵᠢᠴᠢ ᠲᠡᠭᠦᠨ ᠤ ᠣᠶᠢᠷ᠎ᠠ ᠲᠦᠷᠦᠯ ᠰᠠᠳᠤᠨ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠠᠶᠢᠭᠤᠯᠤᠮᠵᠢ ᠠᠴᠠ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠵᠤ ᠪᠣᠯᠣᠨ᠎ᠠ︔ | ︵2︶ ᠡᠷᠡᠭᠦᠦ ᠶᠢᠨ ᠬᠡᠷᠡᠭ ᠤᠨ ᠶᠠᠯᠠᠲᠤ ᠬᠡᠷᠡᠭ ᠤᠨ ᠰᠡᠵᠢᠭᠲᠡᠨ᠂ ᠵᠠᠭᠠᠯᠳᠤᠭᠳᠠᠭᠴᠢ ᠨᠢ ᠨᠠᠰᠤᠨ ᠳᠤ ᠦᠯᠦ ᠬᠦᠷᠦᠭᠰᠡᠳ᠂ ᠬᠠᠷᠠᠭ᠎ᠠ᠂ ᠰᠣᠨᠣᠷ᠂ ᠦᠭᠡ | ᠶᠠᠷᠢᠶᠠᠨ ᠤ ᠰᠠᠭᠠᠲᠠᠯ ᠲᠠᠢ ᠵᠡᠮᠳᠡᠭ ᠬᠥᠮᠥᠨ᠂ ᠥᠪᠡᠷ ᠤᠨ ᠠᠵᠢᠯᠯᠠᠭ᠎ᠠ ᠪᠠᠨ ᠪᠦᠷᠢᠮᠦᠰᠦᠨ ᠢᠯᠭᠠᠨ ᠲᠠᠨᠢᠵᠤ ᠴᠢᠳᠠᠬᠤ ᠦᠭᠡᠢ ᠨᠠᠰᠤᠨ ᠳᠤ ᠭᠦᠷᠦᠭᠰᠡᠳ᠂ | ᠬᠤᠭᠤᠴᠠᠭ᠎ᠠ ᠦᠭᠡᠢ ᠬᠤᠷᠢᠬᠤ ᠡᠷᠡᠭᠦᠦ᠂ ᠠᠯᠠᠬᠤ ᠡᠷᠡᠭᠦᠦ ᠪᠠᠷ ᠰᠢᠢᠳᠬᠡᠭᠳᠡᠵᠦ ᠮᠡᠳᠡᠬᠦ ᠬᠥᠮᠥᠨ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠭᠰᠠᠨ ᠠᠯᠠᠬᠤ | ᠡᠷᠡᠭᠦᠦ ᠶᠢ ᠳᠠᠬᠢᠨ ᠬᠢᠨᠠᠬᠤ ᠬᠡᠷᠡᠭ ᠤᠨ ᠵᠠᠭᠠᠯᠳᠤᠭᠳᠠᠭᠴᠢ᠂ ᠰᠠᠭᠠᠲᠠᠯ ᠲᠠᠢ ᠰᠢᠭᠦᠨ ᠲᠠᠰᠤᠯᠤᠯᠲᠠ ᠶᠢᠨ ᠬᠡᠷᠡᠭ ᠤᠨ ᠵᠠᠭᠠᠯᠳᠤᠭᠳᠠᠭᠴᠢ᠂ ᠬᠠᠤᠯᠢ ᠴᠠᠭᠠᠵᠠ ᠬᠠᠤᠯᠢ | ᠲᠣᠭᠲᠠᠭᠠᠯ ᠳᠤ ᠲᠣᠭᠲᠠᠭᠠᠭᠰᠠᠨ ᠪᠤᠰᠤᠳ ᠬᠥᠮᠥᠨ ᠪᠠᠶᠢᠭ᠎ᠠ ᠮᠥᠷᠲᠡᠭᠡᠨ ᠥᠮᠥᠭᠯᠡᠭᠴᠢ ᠳᠤ ᠨᠠᠶᠢᠳᠠᠭᠰᠠᠨ ᠦᠭᠡᠢ ᠪᠠᠶᠢᠪᠠᠯ᠂ ᠠᠷᠠᠳ ᠤᠨ ᠰᠢᠭᠦᠬᠦ ᠬᠤᠷᠢᠶ᠎ᠠ᠂ | ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠳᠤ ᠬᠠᠤᠯᠢᠴᠢ | ᠲᠣᠮᠢᠯᠠᠭᠤᠯᠤᠨ ᠥᠮᠥᠭᠯᠡᠭᠴᠢ ᠪᠣᠯᠭᠠᠬᠤ ᠪᠠᠷ ᠮᠡᠳᠡᠭᠳᠡᠬᠦ ᠬᠡᠷᠡᠭᠲᠡᠢ︔ | ︵3︶ ᠡᠡ᠊ᠩ ᠤᠨ ᠵᠢᠷᠤᠮ ᠢᠶᠠᠷ ᠰᠢᠭᠦᠬᠦ ᠪᠤᠰᠤᠳ ᠡᠷᠡᠭᠦᠦ ᠶᠢᠨ ᠬᠡᠷᠡᠭ ᠲᠤ ᠵᠠᠭᠠᠯᠳᠤᠭᠳᠠᠭᠴᠢ ᠨᠢ ᠥᠮᠥᠭᠯᠡᠭᠴᠢ ᠳᠤ ᠨᠠᠶᠢᠳᠠᠭᠰᠠᠨ ᠦᠭᠡᠢ ᠪᠠᠶᠢᠪᠠᠯ᠂ | ᠠᠷᠠᠳ ᠤᠨ ᠰᠢᠭᠦᠬᠦ ᠬᠤᠷᠢᠶ᠎ᠠ ᠠᠴᠠ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠳᠤ ᠬᠠᠤᠯᠢᠴᠢ ᠲᠣᠮᠢᠯᠠᠭᠤᠯᠤᠨ ᠥᠮᠥᠭᠯᠡᠭᠴᠢ ᠪᠣᠯᠭᠠᠬᠤ ᠪᠠᠷ ᠮᠡᠳᠡᠭᠳᠡᠵᠦ | ᠪᠣᠯᠣᠨ᠎ᠠ︔ | ︵4︶ ᠡᠷᠡᠭᠦᠦ ᠶᠢᠨ ᠵᠠᠷᠭᠤ ᠶᠢᠨ ᠬᠡᠷᠡᠭ ᠤᠨ ᠬᠤᠣᠷᠯᠠᠭᠳᠠᠭᠴᠢ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠣᠷᠣᠯᠠᠭᠴᠢ ᠪᠤᠶᠤ ᠣᠶᠢᠷ᠎ᠠ ᠲᠦᠷᠦᠯ | ᠰᠠᠳᠤᠨ᠂ ᠡᠷᠡᠭᠦᠦ ᠶᠢᠨ ᠥᠪᠡᠰᠦᠪᠡᠨ ᠵᠠᠭᠠᠯᠳᠤᠭᠰᠠᠨ ᠬᠡᠷᠡᠭ ᠤᠨ ᠥᠪᠡᠰᠦᠪᠡᠨ ᠵᠠᠭᠠᠯᠳᠤᠭᠴᠢ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠣᠷᠣᠯᠠᠭᠴᠢ᠂ | ᠡᠷᠡᠭᠦᠦ ᠶᠢᠨ ᠬᠡᠷᠡᠭ ᠤᠨ ᠳᠠᠭᠠᠯᠳᠤᠭᠰᠠᠨ ᠢᠷᠭᠡᠨ ᠤ ᠵᠠᠷᠭᠤ ᠶᠢᠨ ᠬᠡᠷᠡᠭ ᠤᠨ ᠵᠠᠭᠠᠯᠳᠤᠭᠴᠢ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠣᠷᠣᠯᠠᠭᠴᠢ ᠨᠢ ᠠᠵᠤ | ᠠᠬᠤᠢ ᠶᠢᠨ ᠬᠦᠴᠢᠷᠳᠡᠯ ᠠᠴᠠ ᠪᠣᠯᠵᠤ ᠵᠠᠷᠭᠤ ᠶᠢᠨ ᠣᠷᠣᠯᠠᠭᠴᠢ ᠳᠤ ᠨᠠᠶᠢᠳᠠᠭᠰᠠᠨ ᠦᠭᠡᠢ ᠪᠠᠶᠢᠪᠠᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ | ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠵᠤ ᠪᠣᠯᠣᠨ᠎ᠠ︔ | ︵5︶ ᠠᠯᠪᠠᠳᠠᠨ ᠡᠮᠴᠢᠯᠡᠬᠦ ᠬᠡᠷᠡᠭ ᠤᠨ ᠭᠤᠶᠤᠴᠢᠯᠠᠭᠳᠠᠭᠴᠢ ᠪᠤᠶᠤ ᠵᠠᠭᠠᠯᠳᠤᠭᠳᠠᠭᠴᠢ ᠨᠢ ᠵᠠᠷᠭᠤ ᠶᠢᠨ ᠣᠷᠣᠯᠠᠭᠴᠢ ᠳᠤ ᠨᠠᠶᠢᠳᠠᠭᠰᠠᠨ ᠦᠭᠡᠢ ᠪᠠᠶᠢᠪᠠᠯ᠂ | ᠠᠷᠠᠳ ᠤᠨ ᠰᠢᠭᠦᠬᠦ ᠬᠤᠷᠢᠶ᠎ᠠ ᠠᠴᠠ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠳᠤ ᠬᠠᠤᠯᠢᠴᠢ ᠲᠣᠮᠢᠯᠠᠭᠤᠯᠵᠤ ᠲᠡᠳᠡᠨᠦᠰ ᠲᠤ ᠬᠠᠤᠯᠢ ᠴᠠᠭᠠᠵᠠ ᠶᠢᠨ | ᠲᠤᠰᠠᠯᠠᠮᠵᠢ ᠬᠠᠩᠭᠠᠯᠭᠠᠬᠤ ᠪᠠᠷ ᠮᠡᠳᠡᠭᠳᠡᠬᠦ ᠬᠡᠷᠡᠭᠲᠡᠢ᠃ | 2. ᠢᠷᠭᠡᠨ ᠤ ᠬᠡᠷᠡᠭ᠄ | ︵1︶ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠪᠤᠶᠤ ᠨᠡᠶᠢᠭᠡᠮ ᠤᠨ ᠠᠪᠤᠷᠠᠨ ᠲᠤᠰᠠᠯᠠᠯᠲᠠ ᠣᠯᠭᠤᠬᠤ ᠪᠠᠷ ᠭᠤᠶᠤᠴᠢᠯᠠᠬᠤ︔ | ︵2︶ ᠠᠰᠠᠷᠠᠮᠵᠢ ᠶᠢᠨ ᠮᠥᠩᠭᠦ ᠣᠯᠭᠤᠬᠤ ᠪᠠᠷ ᠭᠤᠶᠤᠴᠢᠯᠠᠬᠤ︔ | ︵3︶ ᠠᠴᠢᠯᠠᠨ ᠲᠡᠵᠢᠭᠡᠬᠦ ᠵᠠᠷᠤᠳᠠᠯ᠂ ᠠᠰᠠᠷᠠᠨ ᠲᠡᠵᠢᠭᠡᠬᠦ ᠵᠠᠷᠤᠳᠠᠯ᠂ ᠲᠡᠳᠬᠦᠨ ᠲᠡᠵᠢᠭᠡᠬᠦ ᠵᠠᠷᠤᠳᠠᠯ ᠦᠭᠬᠦᠬᠦᠯᠬᠦ ᠪᠠᠷ ᠭᠤᠶᠤᠴᠢᠯᠠᠬᠤ︔ | ︵4︶ ᠬᠥᠳᠡᠯᠮᠦᠷᠢ ᠶᠢᠨ ᠬᠠᠷᠢᠴᠠᠭ᠎ᠠ ᠶᠢ ᠨᠤᠲᠠᠯᠠᠭᠤᠯᠬᠤ ᠪᠤᠶᠤ ᠬᠥᠳᠡᠯᠮᠦᠷᠢ ᠶᠢᠨ ᠬᠥᠯᠥᠰᠦ ᠣᠯᠭᠤᠮᠵᠢ ᠦᠭᠬᠦᠬᠦᠯᠬᠦ ᠪᠠᠷ ᠭᠤᠶᠤᠴᠢᠯᠠᠬᠤ︔ | ︵5︶ ᠠᠷᠠᠳ ᠢᠷᠭᠡᠨ ᠤ ᠢᠷᠭᠡᠨ ᠤ ᠬᠡᠷᠡᠭ ᠤᠨ ᠦᠢᠯᠡ ᠠᠵᠢᠯᠯᠠᠭᠠᠨ ᠤ ᠴᠢᠳᠠᠪᠤᠷᠢ ᠦᠭᠡᠢ ᠪᠤᠶᠤ ᠢᠷᠭᠡᠨ ᠤ ᠬᠡᠷᠡᠭ ᠤᠨ ᠦᠢᠯᠡ ᠠᠵᠢᠯᠯᠠᠭᠠᠨ ᠤ | ᠴᠢᠳᠠᠪᠤᠷᠢ ᠨᠢ ᠬᠢᠵᠠᠭᠠᠷᠲᠠᠢ ᠪᠠᠶᠢᠬᠤ ᠶᠢ ᠮᠠᠭᠠᠳᠯᠠᠭᠤᠯᠬᠤ ᠪᠠᠷ ᠭᠤᠶᠤᠴᠢᠯᠠᠬᠤ︔ | ︵6︶ ᠠᠵᠢᠯ ᠠᠴᠠ ᠪᠣᠯᠤᠭᠰᠠᠨ ᠭᠡᠮᠲᠦᠯ ᠤᠨ ᠠᠳᠡᠭᠳᠡᠯ᠂ ᠵᠠᠮ ᠬᠠᠷᠢᠯᠴᠠᠭᠠᠨ ᠤ ᠠᠳᠡᠯ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠳᠡᠭᠳᠡᠯ᠂ | ᠡᠮᠴᠢᠯᠡᠭᠡᠨ ᠤ ᠠᠳᠡᠭᠳᠡᠯ ᠤᠨ ᠬᠥᠮᠥᠨ ᠤ ᠪᠡᠶ᠎ᠡ ᠶᠢᠨ ᠬᠤᠬᠢᠷᠠᠯ ᠢ ᠲᠥᠯᠥᠭᠦᠯᠬᠦ ᠪᠠᠷ ᠭᠤᠶᠤᠴᠢᠯᠠᠬᠤ︔ | ︵7︶ ᠣᠷᠴᠢᠨ ᠲᠣᠭᠤᠷᠢᠨ ᠤ ᠪᠣᠬᠢᠷᠲᠤᠯ᠂ ᠠᠮᠢ ᠠᠬᠤᠢ ᠶᠢᠨ ᠡᠪᠳᠡᠭᠳᠡᠯ ᠤᠨ ᠬᠤᠬᠢᠷᠠᠯ ᠢ ᠲᠥᠯᠥᠭᠦᠯᠬᠦ ᠪᠠᠷ ᠭᠤᠶᠤᠴᠢᠯᠠᠬᠤ︔ | ︵8︶ ᠦᠷᠡᠭᠳᠡᠭᠰᠡᠨ ᠪᠠᠭᠠᠲᠤᠷᠴᠤᠳ ᠤᠨ ᠣᠶᠢᠷ᠎ᠠ ᠲᠦᠷᠦᠯ ᠰᠠᠳᠤᠨ ᠨᠢ ᠦᠷᠡᠭᠳᠡᠭᠰᠡᠨ ᠪᠠᠭᠠᠲᠤᠷᠴᠤᠳ ᠤᠨ ᠬᠥᠮᠥᠨ ᠬᠡᠮ ᠤᠨ ᠡᠷᠬᠡ ᠠᠰᠢᠭ ᠢ | ᠬᠠᠮᠠᠭᠠᠯᠠᠬᠤ ᠶᠢᠨ ᠲᠥᠯᠥᠭᠡ ᠲᠤᠰᠠᠯᠠᠮᠵᠢ ᠭᠤᠶᠤᠴᠢᠯᠠᠬᠤ︔ | ︵9︶ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠠᠵᠢᠯᠯᠠᠭ᠎ᠠ ᠠᠴᠠ ᠪᠣᠯᠵᠤ ᠬᠠᠮᠢᠶ᠎ᠠ ᠪᠦᠬᠦᠢ ᠢᠷᠭᠡᠨ ᠤ ᠬᠡᠷᠡᠭ ᠤᠨ ᠡᠷᠬᠡ ᠠᠰᠢᠭ ᠢ | ᠵᠣᠷᠢᠬᠤ︔ | ︵10︶ ᠬᠠᠯᠠ ᠠᠮᠰᠠᠭᠴᠢ᠂ ᠣᠷᠬᠢᠭᠳᠠᠵᠤ ᠭᠤᠯᠣᠭᠳᠠᠭᠰᠠᠨ ᠪᠤᠶᠤ ᠭᠡᠷ ᠪᠦᠯᠢ ᠶᠢᠨ ᠬᠦᠴᠦᠷᠬᠡᠭᠯᠡᠯ ᠤᠨ ᠬᠤᠣᠷ ᠠᠮᠰᠠᠭᠴᠢ ᠬᠠᠮᠢᠶ᠎ᠠ ᠪᠦᠬᠦᠢ ᠡᠷᠬᠡ | ᠠᠰᠢᠭ ᠢ ᠵᠣᠷᠢᠬᠤ︔ | ︵11︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠤᠨ ᠵᠡᠷᠭᠡ ᠵᠦᠢᠯᠡᠰ᠃ | 3. ᠵᠠᠰᠠᠭ ᠵᠠᠬᠢᠷᠭᠠᠨ ᠤ ᠬᠡᠷᠡᠭ᠄ | ︵1︶ ᠬᠠᠤᠯᠢ ᠶᠣᠰᠣᠭᠠᠷ ᠤᠯᠤᠰ ᠤᠨ ᠲᠥᠯᠥᠪᠦᠷᠢ ᠶᠢ ᠭᠤᠶᠤᠴᠢᠯᠠᠬᠤ︔ | ︵2︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠵᠡᠷᠭᠡ ᠵᠦᠢᠯᠡᠰ᠃ | 4. ᠪᠤᠰᠤᠳ ᠬᠡᠷᠡᠭ᠄ ᠲᠤᠬᠠᠢ ᠶᠢᠨ ᠬᠥᠮᠥᠨ ᠨᠢ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ | ᠵᠥᠪᠰᠢᠶᠡᠷᠡᠬᠦ ᠦᠭᠡᠢ ᠪᠤᠶᠤ ᠭᠤᠮᠣᠳᠠᠯ ᠲᠣᠭᠠᠴᠢᠬᠤ ᠪᠠᠷ ᠳᠤᠷᠠᠳᠤᠭᠰᠠᠨ ᠡᠰᠡᠬᠦᠯ᠎ᠡ ᠲᠠᠬᠢᠨ ᠰᠢᠭᠦᠯᠭᠡᠬᠦ ᠪᠠᠷ ᠭᠤᠶᠤᠴᠢᠯᠠᠭᠰᠠᠨ᠂ ᠠᠷᠠᠳ ᠤᠨ ᠰᠢᠭᠦᠬᠦ ᠬᠤᠷᠢᠶ᠎ᠠ ᠨᠢ | ᠲᠠᠬᠢᠨ ᠰᠢᠭᠦᠬᠦ ᠪᠠᠷ ᠰᠢᠢᠳᠦᠭᠰᠡᠨ᠂ ᠰᠢᠭᠦᠨ ᠲᠣᠭᠲᠠᠭᠠᠭᠰᠠᠨ ᠪᠤᠶᠤ ᠠᠷᠠᠳ ᠤᠨ ᠪᠠᠶᠢᠴᠠᠭᠠᠬᠤ ᠬᠤᠷᠢᠶ᠎ᠠ ᠨᠢ ᠡᠰᠡᠷᠭᠦᠴᠡᠭᠰᠡᠨ ᠵᠠᠭᠠᠯᠳᠤᠯᠭ᠎ᠠ ᠭᠠᠷᠭᠠᠭᠰᠠᠨ ᠳᠤ ᠠᠵᠤ | ᠠᠬᠤᠢ ᠶᠢᠨ ᠬᠦᠴᠢᠷᠳᠡᠯ ᠠᠴᠠ ᠪᠣᠯᠵᠤ ᠥᠮᠥᠭᠯᠡᠭᠴᠢ ᠪᠤᠶᠤ ᠵᠠᠷᠭᠤ ᠶᠢᠨ ᠣᠷᠣᠯᠠᠭᠴᠢ ᠳᠤ ᠨᠠᠶᠢᠳᠠᠭᠰᠠᠨ ᠦᠭᠡᠢ ᠬᠡᠷᠡᠭ᠃ | ︵ᠬᠤᠶᠠᠷ︶ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢᠨ ᠪᠠᠷᠢᠮᠵᠢᠶ᠎ᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢᠨ ᠪᠠᠷᠢᠮᠵᠢᠶ᠎ᠠ ᠳᠤ | ᠲᠣᠬᠢᠷᠠᠭᠤᠯᠤᠯᠲᠠ ᠬᠢᠬᠦ ᠳᠤ ᠪᠠᠨ᠂ ᠬᠠᠤᠯᠢᠴᠢ ᠶᠢᠨ ᠬᠡᠷᠡᠭ ᠳᠠᠭᠠᠭᠠᠨ ᠭᠦᠢᠴᠡᠳᠬᠡᠬᠦ ᠥᠪᠡᠷ ᠤᠨ ᠥᠷᠲᠡᠭ᠂ ᠦᠨᠳᠦᠰᠦᠨ ᠬᠥᠳᠡᠯᠮᠦᠷᠢ ᠦᠢᠯᠡᠴᠢᠯᠡᠭᠡᠨ ᠤ ᠵᠠᠷᠤᠳᠠᠯ | ᠵᠡᠷᠭᠡ ᠬᠦᠴᠦᠨ ᠵᠦᠢᠯ ᠢ ᠦᠨᠳᠦᠰᠦᠯᠡᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢᠨ ᠪᠠᠷᠢᠮᠵᠢᠶ᠎ᠠ ᠶᠢ ᠵᠣᠬᠢᠮᠵᠢᠲᠠᠢ ᠪᠠᠷ ᠳᠡᠭᠡᠭᠰᠢᠯᠡᠭᠦᠯᠦᠨ᠎ᠡ᠃ | ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ ᠬᠡᠷᠡᠭ ᠨᠢᠭᠡ ᠪᠦᠷᠢ ᠳᠤ ᠨᠢ ᠡᠩ ᠤᠨ ᠪᠠᠶᠢᠳᠠᠯ ᠳᠤ 800 ᠲᠥᠭᠦᠷᠢᠭ ᠠᠴᠠ 1600 | ᠲᠥᠭᠦᠷᠢᠭ ᠤᠨ ᠨᠡᠮᠡᠭᠦᠷᠢ ᠥᠭᠴᠦ᠂ ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ ᠬᠡᠷᠡᠭ ᠨᠢᠭᠡ ᠪᠦᠷᠢ ᠳᠤ ᠨᠢ | ᠡᠩ ᠤᠨ ᠪᠠᠶᠢᠳᠠᠯ ᠳᠤ 1000 ᠲᠥᠭᠦᠷᠢᠭ ᠠᠴᠠ 1800 ᠲᠥᠭᠦᠷᠢᠭ ᠤᠨ ᠨᠡᠮᠡᠭᠦᠷᠢ ᠥᠭᠭᠦᠨ᠎ᠡ᠃ ᠠᠯᠠᠬᠤ ᠡᠷᠡᠭᠦᠦ ᠶᠢᠨ ᠬᠤᠶᠠᠳᠠᠭᠢ ᠰᠢᠭᠦᠯᠲᠡ ᠶᠢᠨ ᠬᠡᠷᠡᠭ ᠲᠤ | ᠨᠢᠭᠡᠳᠦᠭᠡᠷ ᠰᠢᠭᠦᠯᠲᠡ ᠶᠢᠨ ᠬᠠᠤᠯᠢᠴᠢ ᠶᠢ ᠦᠷᠭᠦᠯᠵᠢᠯᠡᠨ ᠬᠡᠷᠡᠭᠯᠡᠭᠰᠡᠨ ᠪᠤᠶᠤ ᠡᠷᠡᠭᠦᠦ ᠶᠢᠨ ᠬᠡᠷᠡᠭ ᠤᠨ ᠵᠠᠭᠠᠯᠳᠤᠭᠳᠠᠭᠴᠢ ᠶᠢᠨ ᠬᠤᠷᠢᠵᠤ ᠪᠠᠶᠢᠭ᠎ᠠ ᠭᠠᠵᠠᠷ ᠠᠴᠠ | ᠳᠠᠬᠢᠵᠤ ᠬᠠᠤᠯᠢᠴᠢ ᠲᠣᠮᠢᠯᠠᠭᠰᠠᠨ ᠬᠡᠷᠡᠭ ᠨᠢᠭᠡ ᠪᠦᠷᠢ ᠳᠤ ᠨᠢ ᠡᠩ ᠤᠨ ᠪᠠᠶᠢᠳᠠᠯ ᠳᠤ 1400 ᠲᠥᠭᠦᠷᠢᠭ ᠠᠴᠠ 2600 ᠲᠥᠭᠦᠷᠢᠭ ᠤᠨ ᠨᠡᠮᠡᠭᠦᠷᠢ ᠥᠭᠭᠦᠨ᠎ᠡ᠃ | ᠣᠨᠳᠣᠣ ᠭᠠᠵᠠᠷ ᠠᠴᠠ ᠭᠡᠷᠡᠴᠢ ᠠᠪᠬᠤ ᠴᠢᠬᠤᠯᠠᠲᠠᠢ ᠪᠠ ᠲᠦᠪᠡᠭ ᠪᠤᠳᠤᠯᠢᠶᠠᠨᠲᠠᠢ ᠣᠨᠴᠠ ᠵᠠᠷᠢᠮ ᠬᠡᠷᠡᠭ ᠲᠤ᠂ ᠬᠡᠷᠡᠭ ᠢ ᠬᠦᠯᠢᠶᠡᠨ ᠠᠪᠤᠭᠰᠠᠨ ᠬᠠᠤᠯᠢ | ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠶᠠᠷ ᠬᠠᠷᠭᠤᠭᠤᠯᠤᠨ ᠵᠥᠪᠰᠢᠶᠡᠷᠡᠭᠦᠯᠦᠭᠰᠡᠨ ᠤ ᠳᠠᠷᠠᠭ᠎ᠠ ᠬᠠᠤᠯᠢ ᠴᠠᠭᠠᠵᠠ ᠶᠢᠨ | ᠲᠤᠰᠠᠯᠠᠮᠵᠢ ᠶᠢᠨ ᠨᠡᠮᠡᠭᠦᠷᠢ ᠶᠢ ᠵᠣᠬᠢᠮᠵᠢᠲᠠᠢ ᠨᠡᠮᠡᠭᠳᠡᠭᠦᠯᠵᠦ ᠪᠣᠯᠣᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠵᠢᠵᠢᠭᠦᠷᠯᠡᠬᠦ ᠬᠠᠤᠯᠢᠴᠢ ᠳᠤ ᠠᠵᠢᠯᠯᠠᠬᠤ ᠡᠳᠦᠷ | ᠪᠦᠷᠢ 200 ᠲᠥᠭᠦᠷᠢᠭ ᠠᠴᠠ 500 ᠲᠥᠭᠦᠷᠢᠭ ᠤᠨ ᠨᠡᠮᠡᠭᠦᠷᠢ ᠥᠭᠭᠦᠨ᠎ᠡ᠃ ᠨᠥᠬᠦᠴᠡᠯ ᠲᠠᠢ ᠠᠶᠢᠮᠠᠭ ᠬᠤᠲᠠ ᠨᠢ ᠲᠤᠰ ᠭᠠᠵᠠᠷ ᠣᠷᠣᠨ ᠤ ᠪᠠᠨ ᠬᠠᠤᠯᠢ | ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢᠨ ᠪᠠᠷᠢᠮᠵᠢᠶ᠎ᠠ ᠪᠠᠨ ᠵᠣᠬᠢᠮᠵᠢᠲᠠᠢ ᠳᠡᠭᠡᠭᠰᠢᠯᠡᠭᠦᠯᠵᠦ ᠪᠣᠯᠣᠨ᠎ᠠ᠃ | ᠭᠤᠷᠪᠠ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠡᠯ᠎ᠡ ᠵᠦᠢᠯ ᠤᠨ ᠠᠵᠢᠯ ᠢᠶᠠᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ | ︵ᠨᠢᠭᠡ︶ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠪᠣᠯ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠵᠢᠯᠤᠭᠤᠳᠬᠤ᠂ ᠬᠢᠨᠠᠯᠲᠠ ᠲᠠᠯᠪᠢᠬᠤ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠪᠣᠯᠣᠨ᠎ᠠ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠪᠣᠳᠠᠲᠠᠢ ᠠᠵᠢᠯ ᠢ ᠡᠭᠦᠷᠭᠡᠯᠡᠨ᠎ᠡ᠃ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠢ ᠪᠦᠬᠦ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠪᠦᠬᠦ ᠣᠷᠣᠨ ᠤ ᠬᠠᠤᠯᠢ ᠴᠠᠭᠠᠵᠠ ᠶᠢᠨ | ᠲᠤᠰᠠᠯᠠᠮᠵᠢ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠯᠲᠠ | ᠲᠠᠯᠪᠢᠵᠤ᠂ ᠪᠦᠬᠦ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠨ ᠳᠤ ᠬᠢᠨᠠᠯᠲᠠ ᠲᠠᠯᠪᠢᠵᠤ | ᠬᠠᠮᠢᠶᠠᠷᠬᠤ ᠠᠵᠢᠯ ᠢ ᠡᠭᠦᠷᠭᠡᠯᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠰᠠᠶᠢᠨ ᠳᠤᠷ᠎ᠠ ᠶᠢᠨ ᠠᠵᠢᠯᠯᠠᠭᠰᠠᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠠᠵᠢᠯ ᠥᠷᠨᠢᠭᠦᠯᠬᠦ ᠶᠢ ᠨᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠨᠢ ᠬᠠᠤᠯᠢ ᠴᠠᠭᠠᠵᠠ ᠶᠢᠨ | ᠲᠤᠰᠠᠯᠠᠮᠵᠢ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠭᠤᠶᠤᠴᠢᠯᠠᠯ ᠢ ᠬᠦᠯᠢᠶᠡᠨ ᠠᠪᠬᠤ ᠪᠠ | ᠬᠢᠨᠠᠨ ᠪᠠᠶᠢᠴᠠᠭᠠᠵᠤ᠂ ᠬᠠᠤᠯᠢᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ | ᠳᠤᠷ᠎ᠠ ᠶᠢᠨ ᠠᠵᠢᠯᠯᠠᠭᠰᠠᠳ ᠵᠡᠷᠭᠡ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠨ ᠢ ᠵᠢᠭᠠᠨ ᠲᠣᠮᠢᠯᠠᠵᠤ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠨ᠂ ᠬᠠᠤᠯᠢ | ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠥᠭᠴᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ ᠤᠨ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ | ᠬᠡᠷᠡᠭᠲᠡᠢ᠃ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ | ᠠᠵᠢᠯ ᠤᠨ ᠡᠭᠦᠷᠭᠡ ᠴᠢᠳᠠᠪᠤᠷᠢ ᠪᠠᠨ ᠬᠢᠨᠠᠮᠠᠭᠠᠢ ᠭᠦᠢᠴᠡᠳᠬᠡᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠥᠷᠨᠢᠭᠦᠯᠬᠦ ᠳᠤ ᠪᠠᠲᠤᠯᠠᠭ᠎ᠠ ᠬᠠᠩᠭᠠᠬᠤ ᠬᠡᠷᠡᠭᠲᠡᠢ᠃ | ︵ᠬᠤᠶᠠᠷ︶ ᠪᠠᠶᠢᠭᠤᠯᠤᠮᠵᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠳᠠᠬᠢ | ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠠᠤᠯᠢ | ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠪᠠᠶᠢᠭᠤᠯᠬᠤ ᠬᠡᠷᠡᠭᠲᠡᠢ︾ ᠭᠡᠰᠡᠨ ᠱᠠᠭᠠᠷᠳᠠᠯᠭ᠎ᠠ ᠶᠣᠰᠣᠭᠠᠷ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢ | ᠪᠦᠷᠢᠨᠰᠢᠭᠦᠯᠵᠦ᠂ ᠠᠵᠢᠯᠲᠠᠨ ᠤ ᠬᠦᠴᠦᠨ ᠢᠶᠠᠨ ᠲᠡᠭᠦᠯᠳᠡᠷᠵᠢᠭᠦᠯᠦᠨ᠂ ᠠᠵᠢᠯ ᠤᠨ ᠬᠦᠴᠦᠨ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠢ ᠴᠠᠭ ᠲᠤᠬᠠᠢ ᠳᠤ ᠨᠢ | ᠰᠢᠢᠳᠪᠦᠷᠢᠯᠡᠬᠦ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠲᠤᠰᠠᠯᠠᠬᠤ ᠡᠭᠦᠷᠭᠡ ᠴᠢᠳᠠᠪᠤᠷᠢ ᠪᠠᠨ | ᠴᠢᠩᠭᠠᠷᠠᠭᠤᠯᠤᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠡᠩᠨᠡᠭᠡ ᠶᠢ ᠬᠤᠪᠢᠰᠬᠠᠯᠵᠢᠭᠤᠯᠬᠤ᠂ ᠵᠢᠩᠬᠢᠨᠢᠴᠢᠯᠡᠬᠦ᠂ ᠲᠤᠰᠬᠠᠶᠢᠵᠢᠭᠤᠯᠬᠤ᠂ ᠠᠵᠢᠯ ᠮᠡᠷᠭᠡᠵᠢᠯ ᠤᠨ ᠪᠣᠯᠭᠠᠬᠤ | ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢᠨ ᠬᠠᠤᠯᠢᠴᠢ ᠶᠢᠨ ᠬᠢᠷᠢ ᠬᠡᠮ ᠲᠠᠢ ᠪᠤᠶᠤ ᠬᠠᠤᠯᠢ | ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠲᠠᠢ ᠠᠵᠢᠯᠲᠠᠨ ᠬᠡᠷᠡᠭ ᠰᠢᠢᠳᠪᠦᠷᠢᠯᠡᠬᠦ ᠶᠢ ᠨᠢ ᠵᠣᠷᠢᠭᠵᠢᠭᠤᠯᠤᠨ᠂ ᠬᠠᠤᠯᠢ ᠲᠣᠭᠲᠠᠭᠠᠯ ᠶᠣᠰᠣᠭᠠᠷ ᠦᠨᠡᠨᠴᠢ | ᠢᠲᠡᠭᠡᠮᠵᠢᠲᠡᠢ ᠠᠵᠢᠯ ᠡᠷᠬᠢᠯᠡᠬᠦ ᠶᠢ ᠠᠬᠢᠭᠤᠯᠵᠤ᠂ ᠢᠲᠡᠭᠡᠯ ᠵᠣᠷᠢᠭ ᠨᠢ ᠡᠷᠡᠰ ᠪᠠᠲᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ᠂ ᠵᠣᠷᠢᠭᠲᠠᠢ ᠪᠠᠷ ᠡᠭᠦᠷᠭᠡᠯᠡᠬᠦ᠂ | ᠠᠷᠢᠭᠤᠨ ᠴᠢᠬᠡᠴᠢ ᠪᠠᠶᠢᠬᠤ ᠬᠠᠤᠯᠢ ᠴᠠᠭᠠᠵᠠ ᠶᠢᠨ ᠲᠤᠰᠠᠯᠠᠮᠵᠢ ᠶᠢᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠪᠣᠳᠠᠲᠠᠢ ᠲᠠᠢ ᠪᠠᠨ ᠤᠶᠠᠯᠳᠤᠭᠤᠯᠤᠨ᠂ | ᠲᠤᠰᠬᠠᠢ ᠰᠡᠳᠦᠪᠲᠦ ᠲᠠᠶᠢᠯᠤᠮᠵᠢ᠂ ᠪᠣᠯᠪᠠᠰᠤᠷᠠᠯ ᠤᠨ ᠠᠩᠭᠢ᠂ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ | ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢᠨ ᠰᠤᠷᠤᠯᠴᠠᠯᠭ᠎ᠠ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ ᠤ ᠬᠡᠷᠡᠭ ᠰᠢᠢᠳᠪᠦᠷᠢᠯᠡᠬᠦ | ᠴᠢᠳᠠᠪᠤᠷᠢ ᠪᠣᠯᠣᠨ ᠬᠢᠷᠢ ᠬᠡᠮᠵᠢᠶ᠎ᠡ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠲᠤᠰᠠᠯᠠᠮᠵᠢ | ᠬᠤᠳᠠᠯᠳᠤᠨ ᠠᠪᠬᠤ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠤᠨ᠂ ᠨᠡᠶᠢᠭᠡᠮ ᠤᠨ ᠠᠵᠢᠯᠲᠠᠳ ᠢ ᠬᠠᠤᠯᠢ ᠴᠠᠭᠠᠵᠠ ᠶᠢᠨ ᠲᠤᠰᠠᠯᠠᠮᠵᠢ ᠳᠤ ᠲᠠᠲᠠᠨ ᠣᠷᠣᠯᠴᠠᠭᠤᠯᠵᠤ᠂ | ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ︵ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ | ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ︶᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠶᠢ ᠨᠢ ᠵᠣᠷᠢᠭᠵᠢᠭᠤᠯᠤᠨ | ᠳᠡᠮᠵᠢᠬᠦ ᠬᠡᠷᠡᠭᠲᠡᠢ᠃ ᠡᠯ᠎ᠡ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ | ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢᠴᠢ ᠶᠢᠨ ᠡᠬᠢ ᠪᠠᠶᠠᠯᠢᠭ ᠳᠤᠲᠠᠭᠳᠠᠵᠤ ᠪᠠᠶᠢᠭ᠎ᠠ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠠᠶᠢᠲᠤᠷ ᠰᠢᠢᠳᠪᠦᠷᠢᠯᠡᠵᠦ᠂ | ᠲᠠᠷᠢᠶᠠᠯᠠᠬᠤ ᠮᠠᠯᠵᠢᠬᠤ ᠣᠷᠣᠨ ᠳᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠤ ᠦᠢᠯᠡᠳᠦᠯ ᠢ ᠨᠢ ᠴᠢᠬᠤᠯᠠᠴᠢᠯᠠᠨ | ᠪᠠᠳᠠᠷᠠᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠢ᠃ | ︵ᠭᠤᠷᠪᠠ︶ ᠬᠠᠤᠯᠢ ᠴᠠᠭᠠᠵᠠ ᠶᠢᠨ ᠲᠤᠰᠠᠯᠠᠮᠵᠢ ᠶᠢᠨ ᠬᠢᠵᠠᠭᠠᠷᠯᠠᠯ ᠢ ᠨᠢ ᠪᠠᠭᠠᠰᠬᠠᠬᠤ ᠬᠡᠷᠡᠭᠲᠡᠢ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠡᠬᠢ | ᠪᠠᠶᠠᠯᠢᠭ ᠤᠨ ᠪᠠᠶᠢᠳᠠᠯ ᠪᠣᠯᠣᠨ ᠠᠷᠠᠳ ᠢᠷᠭᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ | ᠪᠣᠳᠣᠯᠬᠢᠯᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠤ ᠠᠬᠤᠢ ᠶᠢᠨ ᠬᠦᠴᠢᠷᠳᠡᠯ ᠤᠨ ᠪᠠᠷᠢᠮᠵᠢᠶ᠎ᠠ ᠨᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ | ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠪᠣᠯᠣᠨ ᠲᠠᠷᠢᠶᠠᠯᠠᠬᠤ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠶᠢᠨ | ᠡᠵᠡᠮᠳᠡᠵᠦ ᠪᠣᠯᠬᠤ ᠳᠤᠮᠳᠠᠴᠢ ᠣᠷᠣᠯᠭ᠎ᠠ ᠠᠴᠠ ᠳᠣᠷᠣᠭᠰᠢ ᠪᠠᠶᠢᠪᠠᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠮᠤᠷᠬᠤ ᠬᠥᠮᠥᠰ ᠢ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠬᠥᠮᠥᠰ ᠠᠴᠠ ᠣᠷᠣᠯᠭ᠎ᠠ ᠪᠠᠭᠠᠲᠠᠢ ᠬᠥᠮᠥᠰ ᠬᠦᠷᠲᠡᠯ᠎ᠡ ᠥᠷᠭᠡᠳᠬᠡᠨ᠂ ᠨᠡᠩ ᠣᠯᠠᠨ ᠬᠦᠴᠢᠷᠳᠡᠯᠲᠡᠢ ᠣᠯᠠᠨ ᠲᠦᠮᠡᠨ ᠳᠤ ᠬᠠᠷᠠᠭᠠᠯᠵᠠᠯ ᠦᠵᠡᠭᠦᠯᠭᠦ | ᠬᠡᠷᠡᠭᠲᠡᠢ᠃ ᠪᠠᠶᠢᠭᠠᠯᠢ ᠶᠢᠨ ᠭᠠᠢ ᠭᠠᠮᠰᠢᠭ ᠪᠤᠶᠤ ᠪᠤᠰᠤᠳ ᠳᠠᠪᠠᠰᠢ ᠦᠭᠡᠢ ᠬᠦᠴᠦᠨ ᠵᠡᠷᠭᠡ ᠰᠢᠯᠲᠠᠭᠠᠨ ᠠᠴᠠ ᠪᠣᠯᠵᠤ ᠠᠵᠤ ᠠᠬᠤᠢ ᠶᠢᠨ ᠲᠠᠯ᠎ᠠ ᠪᠠᠷ | ᠬᠦᠴᠢᠷᠳᠡᠯ ᠲᠠᠢ ᠪᠣᠯᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠵᠠᠷᠤᠳᠠᠯ ᠢ ᠥᠭᠬᠦ ᠴᠢᠳᠠᠯ ᠦᠭᠡᠢ ᠪᠣᠯᠤᠭᠰᠠᠨ ᠪᠠᠶᠢᠪᠠᠯ᠂ ᠠᠵᠤ ᠠᠬᠤᠢ ᠨᠢ | ᠬᠦᠴᠢᠷᠳᠡᠯᠲᠡᠢ ᠲᠠᠢ ᠪᠠᠷ ᠦᠵᠡᠨ᠎ᠡ︔ ᠣᠨᠴᠠᠭᠠᠢ᠂ ᠨᠡᠶᠢᠲᠡᠯᠢᠭ ᠬᠡᠷᠡᠭ ᠲᠠᠬᠢ ᠠᠵᠤ ᠠᠬᠤᠢ ᠶᠢᠨ ᠬᠦᠴᠢᠷᠳᠡᠯ ᠤᠨ ᠪᠠᠷᠢᠮᠵᠢᠶ᠎ᠠ ᠶᠢ ᠵᠣᠬᠢᠰᠲᠠᠢ ᠪᠠᠷ ᠠᠭᠤᠵᠢᠭᠤ | ᠲᠠᠯᠪᠢᠬᠤ ᠬᠡᠷᠡᠭᠲᠡᠢ᠃ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠭᠴᠢ ᠶᠢᠨ ᠰᠠᠭᠤᠭ᠎ᠠ ᠭᠠᠵᠠᠷ ᠪᠣᠯᠣᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ | ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠠᠵᠤ ᠠᠬᠤᠢ ᠶᠢᠨ ᠬᠦᠴᠢᠷᠳᠡᠯ ᠤᠨ ᠪᠠᠷᠢᠮᠵᠢᠶ᠎ᠠ ᠨᠢ ᠨᠢᠭᠡᠳᠦᠯ ᠦᠭᠡᠢ ᠪᠣᠯ | ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠠᠵᠤ ᠠᠬᠤᠢ ᠶᠢᠨ ᠬᠦᠴᠢᠷᠳᠡᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ᠃ | ︵ᠳᠥᠷᠪᠡ︶ ᠬᠠᠤᠯᠢ ᠴᠠᠭᠠᠵᠠ ᠶᠢᠨ ᠲᠤᠰᠠᠯᠠᠮᠵᠢ ᠶᠢᠨ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ | ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶᠡᠨ ᠤ | ᠪᠠᠶᠢᠭᠤᠯᠤᠯᠲᠠ ᠪᠠᠨ ᠦᠷᠭᠦᠯᠵᠢᠯᠡᠨ ᠥᠷᠭᠡᠵᠢᠭᠦᠯᠦᠨ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠠᠷᠭ᠎ᠠ ᠵᠠᠮ ᠢᠶᠠᠨ ᠥᠷᠭᠡᠳᠬᠡᠨ᠂ ᠬᠠᠤᠯᠢ ᠴᠠᠭᠠᠵᠠ ᠶᠢᠨ | ᠲᠤᠰᠠᠯᠠᠮᠵᠢ ᠶᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢᠶᠠᠨ ᠳᠥᠭᠦᠮᠴᠢᠯᠡᠵᠦ᠂ ᠠᠵᠤ ᠠᠬᠤᠢ ᠶᠢᠨ ᠬᠦᠴᠢᠷᠳᠡᠯ ᠢ ᠮᠡᠳᠡᠭᠳᠡᠬᠦ | ᠠᠮᠠᠯᠠᠯᠲᠠ ᠶᠢᠨ ᠳᠦᠷᠢᠮ ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠪᠠᠶᠢᠳᠠᠯ ᠨᠢ ᠪᠠᠴᠢᠮ ᠲᠤᠯᠭᠠᠮ ᠪᠣᠯᠬᠤ ᠬᠡᠷᠡᠭ ᠪᠣᠯ ᠤᠷᠢᠳ ᠢᠶᠠᠷ ᠬᠦᠯᠢᠶᠡᠨ ᠠᠪᠴᠤ | ᠰᠢᠢᠳᠪᠦᠷᠢᠯᠡᠨ᠂ ᠳᠠᠷᠠᠭ᠎ᠠ ᠳᠤ ᠨᠢ ᠭᠠᠷᠳᠠᠮ ᠢᠶᠠᠨ ᠨᠥᠬᠦᠨ ᠭᠦᠢᠴᠡᠳᠬᠡᠵᠦ ᠪᠣᠯᠣᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠣᠨᠳᠣᠣ ᠭᠠᠵᠠᠷ ᠤᠨ ᠬᠠᠮᠵᠢᠯᠴᠠᠬᠤ | ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠦᠴᠢᠷᠳᠡᠯᠲᠡᠢ ᠣᠯᠠᠨ ᠲᠦᠮᠡᠨ ᠤ ᠣᠨᠳᠣᠣ ᠭᠠᠵᠠᠷ ᠲᠤ ᠬᠠᠤᠯᠢ ᠴᠠᠭᠠᠵᠠ ᠶᠢᠨ ᠲᠤᠰᠠᠯᠠᠮᠵᠢ | ᠭᠤᠶᠤᠴᠢᠯᠠᠬᠤ ᠳᠤ ᠨᠢ ᠳᠥᠭᠦᠮ ᠦᠵᠡᠭᠦᠯᠦᠨ᠂ ᠬᠠᠤᠯᠢ ᠴᠠᠭᠠᠵᠠ ᠶᠢᠨ ᠲᠤᠰᠠᠯᠠᠮᠵᠢ ᠬᠢᠭᠡᠳ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ | ᠴᠠᠭᠠᠵᠠ ᠶᠢᠨ ᠡᠶᠡᠳᠡᠭᠦᠯᠭᠡ ᠶᠢ ᠪᠦᠲᠦᠮᠵᠢᠲᠡᠶ ᠵᠣᠯᠭᠠᠭᠤᠯᠬᠤ ᠲᠣᠭᠲᠠᠴᠠ ᠪᠠᠨ ᠪᠦᠷᠢᠨᠰᠢᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠷᠠᠳ ᠲᠤ ᠳᠥᠭᠦᠮ | ᠦᠵᠡᠭᠦᠯᠬᠦ ᠠᠵᠢᠯ ᠤᠨ ᠪᠠᠶᠢᠩᠭᠤᠵᠢᠬᠤ ᠶᠢ ᠠᠬᠢᠭᠤᠯᠬᠤ ᠬᠡᠷᠡᠭᠲᠡᠢ᠃ | ︵ᠲᠠᠪᠤ︶ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠪᠦᠬᠦ ᠣᠷᠣᠨ ᠤ ᠬᠠᠤᠯᠢ | ᠴᠠᠭᠠᠵᠠ ᠶᠢᠨ ᠲᠤᠰᠠᠯᠠᠮᠵᠢ ᠶᠢᠨ ᠵᠢᠷᠤᠮᠵᠢᠭᠰᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠲᠠᠢ | ᠤᠶᠠᠯᠳᠤᠭᠤᠯᠤᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ ᠡᠯ᠎ᠡ ᠭᠤᠭᠴᠣᠭᠠᠨ ᠳᠠᠬᠢ ᠠᠵᠢᠯ ᠤᠨ ᠳᠡᠰ ᠳᠠᠷᠠᠭᠠᠯᠠᠯ᠂ ᠠᠵᠢᠯ ᠤᠨ ᠳᠦᠷᠢᠮ | ᠪᠣᠯᠣᠨ ᠦᠢᠯᠡᠴᠢᠯᠡᠭᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠳᠤ ᠬᠢᠨᠠᠯᠲᠠ | ᠲᠠᠯᠪᠢᠬᠤ ᠲᠣᠭᠲᠠᠴᠠ ᠶᠢ ᠪᠦᠷᠢᠨᠰᠢᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢᠨ ᠪᠠᠶᠢᠴᠠᠭᠠᠬᠤ ᠳᠦᠷᠢᠮ᠂ ᠮᠦᠷᠳᠡᠨ | ᠳᠠᠭᠠᠬᠤ ᠳᠦᠷᠢᠮ᠂ ᠵᠠᠭᠠᠯᠳᠤᠯᠭ᠎ᠠ ᠶᠢ ᠰᠢᠢᠳᠪᠦᠷᠢᠯᠡᠬᠦ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ | ᠴᠢᠨᠠᠷ ᠴᠢᠨᠰᠠᠭ᠎ᠠ ᠶᠢᠨ ᠦᠨᠡᠯᠡᠨ ᠵᠢᠱᠢᠬᠦ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠵᠢᠷᠤᠮᠵᠢᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠢ ᠨᠢ ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠴᠢᠨᠠᠷ ᠴᠢᠨᠰᠠᠭ᠎ᠠ ᠪᠣᠯᠣᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠬᠦᠴᠢᠷᠳᠡᠯᠲᠡᠢ ᠣᠯᠠᠨ ᠲᠦᠮᠡᠨ ᠳᠤ ᠦᠨᠡᠨ ᠬᠦ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ | ᠬᠠᠩᠭᠠᠬᠤ ᠬᠡᠷᠡᠭᠲᠡᠢ᠃ | ᠳᠥᠷᠪᠡ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ ᠤᠨ ᠬᠡᠷᠡᠭᠵᠢᠭᠦᠯᠦᠯᠲᠡ ᠶᠢᠨ ᠪᠠᠲᠤᠯᠠᠭ᠎ᠠ ᠶᠢ ᠦᠨᠡᠨ ᠬᠦ ᠴᠢᠩᠭᠠᠳᠬᠠᠬᠤ ᠬᠡᠷᠡᠭᠲᠡᠢ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ | ᠴᠠᠭᠠᠵᠠ ᠶᠢᠨ ᠲᠤᠰᠠᠯᠠᠮᠵᠢ ᠶᠢᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠷᠭᠦᠯᠵᠢᠯᠡᠨ ᠴᠢᠩᠭᠠᠳᠬᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ | ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠤᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ | ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠬᠤ ᠶᠢᠨ ᠬᠠᠮᠲᠤ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠢᠶᠠᠷ | ᠭᠤᠣᠯᠯᠠᠭᠤᠯᠤᠭᠰᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠭᠰᠠᠨ᠂ ᠨᠡᠶᠢᠭᠡᠮ ᠤᠨ ᠡᠯ᠎ᠡ ᠡᠲᠡᠭᠡᠳ ᠥᠷᠭᠡᠨ ᠢᠶᠠᠷ ᠣᠷᠣᠯᠴᠠᠭᠰᠠᠨ | ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠪᠠᠶᠢᠷᠢᠰᠢᠯ ᠢ ᠦᠨᠡᠨ ᠬᠦ ᠪᠣᠶ ᠪᠣᠯᠭᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠪᠣᠯᠣᠨ ᠠᠷᠭ᠎ᠠ ᠬᠡᠮᠵᠢᠶ᠎ᠡ ᠶᠢᠨ ᠪᠣᠳᠠᠲᠠᠢ ᠳᠤ ᠨᠠᠶᠢᠳᠠᠪᠤᠷᠢᠵᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠢ ᠲᠥᠰᠥᠪ ᠢᠶᠠᠨ ᠰᠢᠨᠵᠢᠯᠡᠬᠦ | ᠤᠬᠠᠭᠠᠨᠴᠢ ᠪᠠᠷ ᠵᠦᠢ ᠵᠣᠬᠢᠰᠲᠠᠢ ᠨᠠᠶᠢᠷᠠᠭᠤᠯᠤᠨ ᠵᠣᠬᠢᠶᠠᠵᠤ᠂ ᠣᠷᠣᠨ ᠨᠤᠲᠤᠭ ᠤᠨ ᠡᠳ᠋ ᠤᠨ ᠬᠦᠴᠦᠨ ᠤ ᠪᠠᠶᠢᠳᠠᠯ ᠪᠣᠯᠣᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠬᠡᠷᠡᠭ ᠰᠢᠢᠳᠪᠦᠷᠢᠯᠡᠬᠦ ᠲᠤᠭ᠎ᠠ ᠬᠡᠮᠵᠢᠶ᠎ᠡ ᠶᠢ ᠦᠨᠳᠦᠰᠦᠯᠡᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠢ ᠵᠦᠢ ᠵᠣᠬᠢᠰᠲᠠᠢ ᠲᠣᠬᠢᠷᠠᠭᠤᠯᠵᠤ᠂ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠳᠤ ᠲᠤᠰᠠᠭᠠᠷ ᠲᠣᠭᠠᠴᠠᠭ᠎ᠠ ᠬᠢᠬᠦ ᠶᠢ ᠬᠡᠷᠡᠭᠵᠢᠭᠦᠯᠬᠦ | ᠬᠡᠷᠡᠭᠲᠡᠢ᠃ ᠵᠠᠷᠤᠳᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠠᠤᠯᠢ ᠴᠠᠭᠠᠵᠠ ᠶᠢᠨ ᠲᠤᠰᠠᠯᠠᠮᠵᠢ ᠶᠢᠨ ᠲᠤᠬᠠᠶᠢᠯᠠᠭᠰᠠᠨ | ᠠᠵᠢᠯ ᠤᠨ ᠵᠠᠷᠤᠳᠠᠯ ᠤᠨ ᠣᠷᠣᠭᠤᠯᠤᠯᠲᠠ ᠶᠢ ᠴᠠᠭ ᠲᠤᠬᠠᠢ ᠳᠤ ᠨᠢ ᠲᠣᠬᠢᠷᠠᠭᠤᠯᠤᠨ᠂ ᠡᠷᠡᠭᠦᠦ ᠶᠢᠨ ᠬᠡᠷᠡᠭ ᠤᠨ ᠬᠠᠤᠯᠢᠴᠢ ᠶᠢᠨ ᠦᠮᠦᠭᠯᠡᠯᠲᠡ ᠶᠢ ᠨᠡᠶᠢᠳᠡᠮ | ᠬᠠᠮᠤᠷᠤᠭᠤᠯᠬᠤ ᠵᠡᠷᠭᠡ ᠰᠢᠨ᠎ᠡ ᠪᠠᠷ ᠨᠡᠮᠡᠭᠳᠡᠭᠰᠡᠨ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ | ᠵᠠᠷᠤᠳᠠᠯ ᠤᠨ ᠬᠡᠷᠡᠭᠯᠡᠯᠲᠡ ᠳᠤ ᠬᠢᠨᠠᠯᠲᠠ ᠲᠠᠯᠪᠢᠬᠤ ᠶᠢ ᠴᠢᠩᠳᠠᠯᠠᠵᠤ᠂ ᠵᠠᠷᠤᠳᠠᠯ ᠤᠨ ᠬᠡᠷᠡᠭᠯᠡᠯᠲᠡ ᠶᠢ ᠵᠠᠷᠯᠠᠨ ᠨᠡᠶᠢᠲᠡᠯᠡᠬᠦ ᠳᠦᠷᠢᠮ ᠢ ᠪᠠᠶᠢᠭᠤᠯᠤᠨ᠂ ᠨᠡᠶᠢᠭᠡᠮ ᠤᠨ | ᠬᠢᠨᠠᠯᠲᠠ ᠲᠠᠯᠪᠢᠯᠲᠠ ᠶᠢ ᠬᠦᠯᠢᠶᠡᠵᠦ᠂ ᠲᠣᠭᠲᠠᠭᠠᠯ ᠠᠴᠠ ᠵᠥᠷᠢᠴᠡᠨ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠢ ᠬᠡᠷᠡᠭᠯᠡᠭᠰᠡᠨ᠂ ᠲᠠᠰᠤᠳᠠᠨ ᠦᠯᠡᠳᠡᠭᠡᠭᠰᠡᠨ᠂ | ᠰᠢᠬᠠᠨ ᠡᠵᠡᠯᠡᠭᠰᠡᠨ᠂ ᠰᠢᠯᠵᠢᠭᠦᠯᠦᠨ ᠬᠡᠷᠡᠭᠯᠡᠭᠰᠡᠨ ᠪᠤᠶᠤ ᠳᠠᠯᠳᠠᠭᠤᠷ ᠬᠤᠪᠢᠶᠠᠭᠰᠠᠨ ᠪᠠᠶᠢᠭᠤᠯᠤᠮᠵᠢ ᠪᠣᠯᠣᠨ ᠬᠤᠪᠢ ᠬᠥᠮᠥᠨ ᠠᠴᠠ ᠬᠠᠤᠯᠢ ᠲᠣᠭᠲᠠᠭᠠᠯ ᠶᠣᠰᠣᠭᠠᠷ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ︵ᠭᠤᠷᠪᠠ︶ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠤᠬᠠᠭᠤᠯᠭ᠎ᠠ ᠶᠢᠨ ᠠᠷᠭ᠎ᠠ ᠮᠠᠶ᠋ᠢᠭ ᠤᠨ ᠲᠠᠯ᠎ᠠ ᠳᠤ ᠰᠢᠨ᠎ᠡ ᠶᠢ ᠡᠭᠦᠳᠦᠨ᠂ ᠬᠠᠤᠯᠢ | ᠴᠠᠭᠠᠵᠠ ᠶᠢᠨ ᠲᠤᠰᠠᠯᠠᠮᠵᠢ ᠶᠢᠨ ᠤᠬᠠᠭᠤᠯᠭ᠎ᠠ ᠶᠢᠨ ᠰᠣᠶᠣᠯ ᠤᠨ ᠪᠦᠲᠦᠭᠡᠭᠳᠡᠬᠦᠨ ᠢ ᠨᠠᠷᠢᠨ ᠨᠢᠮᠪᠠᠢ ᠵᠣᠬᠢᠶᠠᠨ ᠪᠦᠲᠦᠭᠡᠵᠦ᠂ ︽ᠬᠠᠤᠯᠢ ᠴᠠᠭᠠᠵᠠ ᠶᠢᠨ | ᠲᠤᠰᠠᠯᠠᠮᠵᠢ ᠶᠢᠨ ᠬᠠᠤᠯᠢ︾ ᠶᠢ ᠪᠠᠶᠢᠭᠤᠯᠭ᠎ᠠ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠨᠡᠶᠢᠭᠡᠮ ᠲᠣᠭᠤᠷᠢᠭ ᠲᠤ | ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠢᠭᠡᠴᠢ ᠳᠤ ᠣᠷᠤᠭᠤᠯᠬᠤ ᠪᠠ ᠭᠡᠷ ᠪᠦᠯᠢ ᠳᠤ ᠣᠷᠣᠭᠤᠯᠬᠤ ᠶᠢ ᠠᠬᠢᠭᠤᠯᠵᠤ᠂ ᠬᠠᠤᠯᠢ ᠴᠠᠭᠠᠵᠠ ᠶᠢ ᠤᠯᠠᠨ | ᠲᠦᠮᠡᠨ ᠤ ᠳᠡᠷᠭᠡᠳᠡ ᠬᠦᠷᠭᠡᠵᠦ᠂ ᠤᠯᠠᠨ ᠲᠦᠮᠡᠨ ᠤ ᠴᠠᠭ ᠲᠤᠬᠠᠢ ᠳᠤ ᠨᠢ ᠬᠠᠤᠯᠢ ᠴᠠᠭᠠᠵᠠ ᠶᠢᠨ ᠲᠤᠰᠠᠯᠠᠮᠵᠢ ᠬᠦᠷᠲᠡᠬᠦ ᠳᠤ ᠲᠦᠬᠦᠮ ᠦᠵᠡᠭᠦᠯᠬᠦ ᠬᠡᠷᠡᠭᠲᠡᠢ᠃ | ︽ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ︽ᠬᠠᠤᠯᠢ | ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠶᠢᠨ ᠠᠵᠢᠯ ᠤᠨ ᠭᠤᠣᠯᠳᠠᠯᠭ᠎ᠠ ᠪᠣᠯᠬᠤ | ᠠᠭᠤᠯᠭ᠎ᠠ ᠳᠤ ᠣᠷᠣᠭᠤᠯᠵᠤ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠡᠶᠢᠲᠡ ᠶᠢᠨ | ᠠᠰᠠᠷᠠᠮᠵᠢ ᠶᠢᠨ ᠤᠬᠠᠭᠤᠯᠭ᠎ᠠ ᠶᠢᠨ ᠲᠣᠭᠲᠠᠴᠠ ᠶᠢ ᠪᠠᠶᠢᠭᠤᠯᠤᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠯᠢᠭᠡᠷ ᠶᠠᠪᠤᠳᠠᠯ ᠢ ᠰᠠᠶᠢᠲᠤᠷ ᠶᠠᠷᠢᠵᠤ᠂ ᠬᠠᠤᠯᠢ | ᠴᠠᠭᠠᠵᠠ ᠶᠢᠨ ᠲᠤᠰᠠᠯᠠᠮᠵᠢ ᠶᠢᠨ ᠳᠦᠷᠢᠮ ᠢ ᠪᠣᠳᠠᠲᠠᠶᠢᠵᠢᠭᠤᠯᠤᠨ ᠦᠷ᠎ᠡ ᠪᠦᠳᠣᠮᠵᠢ ᠭᠠᠷᠭᠠᠬᠤ ᠳᠤ ᠨᠢ ᠰᠠᠶᠢᠨ ᠰᠠᠶᠢᠬᠠᠨ ᠣᠷᠴᠢᠨ ᠠᠬᠤᠢ ᠶᠢ ᠪᠣᠶ ᠪᠣᠯᠭᠠᠬᠤ | ᠬᠡᠷᠡᠭᠲᠡᠢ᠃ | ᠲᠣᠰ ︽ᠰᠠᠨᠠᠯ︾ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠤᠯᠠᠮ ᠨᠢᠭᠡ | ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ | ᠲᠠᠷᠬᠠᠭᠠᠭᠰᠠᠨ ﹇2010﹈ 9 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | 2023 ᠣᠨ ᠤ 2 ᠳ᠋ᠤᠭᠠᠷ ᠰᠠᠷ᠎ᠠ ᠶᠢᠨ 16 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |