ᠣᠶᠢᠷ᠎ᠠ ᠶᠢᠨ ᠡᠳᠦᠷ᠂ ᠬᠥᠬᠡ ᠯᠤᠤ ᠵᠢᠯ ᠤᠨ ᠴᠠᠭᠠᠨ ᠰᠠᠷ᠎ᠠ ᠪᠠᠨ ᠤᠭᠲᠤᠬᠤ ᠦᠦᠰᠢᠨ ᠬᠤᠰᠢᠭᠤᠨ ᠤ ᠡᠭᠦᠳᠡᠨ ᠪᠥᠮᠪᠥᠭᠡᠨ ᠤ ᠨᠦᠬᠦᠷᠰᠡᠭ ᠤᠷᠤᠯᠳᠤᠭᠠᠨ | ᠮᠠᠨ ᠤ ᠬᠤᠰᠢᠭᠤᠨ ᠤ ᠪᠡᠶ᠎ᠡ ᠲᠠᠮᠢᠷ ᠤᠨ ᠣᠷᠳᠣᠨ ᠳᠤ ᠶᠠᠪᠤᠭᠳᠠᠯ᠎ᠠ᠃ | ᠪᠥᠭᠦ ᠣᠷᠣᠨ ᠤ ᠡᠯ᠎ᠡ ᠠᠶᠢᠮᠠᠭ ᠬᠤᠳᠠ ᠪᠣᠯᠣᠨ ᠮᠠᠨ ᠤ ᠬᠤᠳᠠ ᠶᠢᠨ ᠡᠯ᠎ᠡ ᠬᠤᠰᠢᠭᠤ ᠲᠣᠭᠤᠷᠢᠭ ᠠᠴᠠ ᠬᠦᠷᠦᠯᠴᠡᠨ ᠢᠷᠡᠭᠰᠡᠨ 150 ᠭᠠᠷᠤᠢ ᠬᠥᠮᠥᠨ | ᠤᠷᠤᠯᠳᠤᠭᠠᠨ ᠳᠤ ᠣᠷᠣᠯᠴᠠᠵᠠᠢ᠃ | ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠭᠰᠠᠨ ᠲᠤᠰ ᠤᠷᠤᠯᠳᠤᠭᠠᠨ ᠢ ᠡᠭᠡᠯᠵᠢᠯᠡᠬᠦ ᠤᠷᠤᠯᠳᠤᠭᠠᠨ᠂ ᠨᠤᠭᠤᠯᠤᠭ᠎ᠠ ᠤᠷᠤᠯᠳᠤᠭᠠᠨ ᠭᠡᠬᠦ ᠬᠤᠶᠠᠷ | ᠱᠠᠲᠤ ᠬᠤᠪᠢᠶᠠᠨ ᠨᠡᠶᠢᠲᠡ 72 72ᠲᠠᠯᠠᠪᠠᠢ ᠤᠷᠤᠯᠳᠤᠭᠠᠨ ᠢ ᠶᠠᠪᠤᠭᠳᠠᠭᠤᠯᠬᠤ ᠪᠠᠷ ᠲᠠᠮᠵᠢᠨ ᠦᠦᠰᠢᠨ ᠬᠤᠰᠢᠭᠤᠨ ᠤ ᠡᠭᠦᠳᠡᠨ ᠪᠥᠮᠪᠥᠭᠡᠨ ᠠᠩᠭᠢ ᠮᠠᠩᠯᠠᠶᠢᠯᠠᠨ᠂ | ᠤᠲᠤᠭ ᠬᠤᠰᠢᠭᠤᠨ ᠤ ᠡᠭᠦᠳᠡᠨ ᠪᠥᠮᠪᠥᠭᠡᠨ ᠠᠩᠭᠢ ᠳᠡᠳ᠋ᠯᠡᠵᠦ᠂ ᠰᠢᠯᠢ ᠶᠢᠨ ᠭᠤᠣᠯ ᠠᠶᠢᠮᠠᠭ ᠤᠨ ᠡᠭᠦᠳᠡᠨ ᠪᠥᠮᠪᠥᠭᠡᠨ ᠠᠩᠭᠢ ᠭᠤᠷᠪᠠᠳᠤᠭᠠᠷ ᠲᠤ ᠲᠣᠳᠣᠷᠠᠭᠰᠠᠨ | ᠪᠠᠶᠢᠨ᠎ᠠ᠃ | ᠲᠤᠰ ᠤᠷᠤᠯᠳᠤᠭᠠᠨ ᠨᠢ ᠥᠪᠥᠷ ᠮᠣᠩᠭᠤᠯ ᠤᠨ ᠡᠯ᠎ᠡ ᠠᠶᠢᠮᠠᠭ ᠬᠤᠳᠠ ᠪᠣᠯᠣᠨ ᠮᠠᠨ ᠤ ᠬᠤᠳᠠ ᠶᠢᠨ ᠡᠯ᠎ᠡ ᠬᠤᠰᠢᠭᠤ ᠲᠣᠭᠤᠷᠢᠭ ᠤᠨ ᠡᠭᠦᠳᠡᠨ ᠪᠥᠮᠪᠥᠭᠡᠨ | ᠪᠠᠭ᠋ᠠᠲᠠᠳ ᠲᠤ ᠮᠡᠷᠭᠡᠵᠢᠯ ᠢᠶᠠᠨ ᠰᠣᠯᠢᠯᠴᠠᠨ ᠨᠦᠬᠦᠷᠰᠡᠭ ᠬᠠᠷᠢᠴᠠᠭ᠎ᠠ ᠪᠠᠨ ᠪᠠᠲᠤᠳᠬᠠᠬᠤ ᠰᠠᠶᠢᠬᠠᠨ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ ᠮᠠᠨ ᠤ | ᠬᠤᠰᠢᠭᠤᠨ ᠤ ᠡᠭᠦᠳᠡᠨ ᠪᠥᠮᠪᠦᠭᠡ ᠶᠢᠨ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ | ᠰᠤᠷᠪᠤᠯᠵᠢᠯᠠᠭᠴᠢ᠄ ᠲᠠᠨ᠎ᠠ᠂ ᠷᠢᠸᠠᠳᠢ |