2 ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠳ᠋ᠦ᠋ ᠬᠤᠢ ᠯᠢᠶᠠᠩ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ | ᠬᠤᠷᠠᠯᠳᠤᠭᠤᠯᠵᠤ᠂ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾ ᠪᠣᠯᠣᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ | ᠭᠡᠰᠢᠭᠦᠨ ᠤ ᠰᠦᠯᠵᠢᠶᠡᠨ ᠤ ᠠᠵᠢᠯᠯᠠᠭ᠎ᠠ ᠶᠢᠨ ᠲᠣᠭᠲᠠᠭᠠᠯ︾ ᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠪᠠ᠃ | ᠬᠤᠷᠠᠯ ᠠᠴᠠ᠂ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾ ᠢ ᠲᠣᠭᠲᠠᠭᠠᠨ ᠬᠡᠷᠡᠭᠵᠢᠭᠦᠯᠬᠦ ᠶᠢᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠲᠠᠨᠢᠵᠤ᠂ ︽ᠳᠦᠷᠢᠮ︾ ᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠲᠦᠷᠦᠭᠦᠯᠡᠨ | ᠰᠤᠷᠤᠯᠴᠠᠨ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠬᠥᠭᠵᠢᠯᠲᠡ ᠶᠢᠨ ᠭᠤᠣᠯ ᠰᠡᠳᠦᠪ ᠭᠤᠣᠯ ᠰᠢᠵᠢᠮ᠂ ᠭᠤᠣᠯ ᠤᠷᠤᠰᠬᠠᠯ ᠤᠨ ᠮᠥᠨ ᠴᠢᠨᠠᠷ ᠢ ᠣᠨᠣᠪᠴᠢᠲᠠᠢ | ᠡᠵᠡᠮᠳᠡᠵᠦ᠂ ᠵᠥᠪ ᠣᠨᠣᠪᠴᠢᠲᠠᠢ ᠨᠠᠮ ᠤᠨ ᠲᠡᠦᠬᠡ ᠶᠢᠨ ᠦᠵᠡᠯᠲᠡ ᠶᠢ ᠪᠠᠲᠤ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ ᠰᠦᠯᠵᠢᠶᠡᠨ ᠤ ᠠᠵᠢᠯᠯᠠᠭ᠎ᠠ ᠶᠢᠨ ᠲᠣᠭᠲᠠᠭᠠᠯ︾ ᠢ ᠲᠦᠷᠦᠭᠦᠯᠡᠨ | ᠰᠤᠷᠤᠯᠴᠠᠨ ᠲᠤᠭᠤᠰᠢᠯᠠᠭᠤᠯᠵᠤ᠂ ᠵᠢᠱᠢᠶᠡᠴᠢ ᠪᠠᠷ ᠵᠢᠷᠤᠮᠯᠠᠨ ᠬᠡᠷᠡᠭᠵᠢᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ᠂ ᠤᠯᠤᠰ ᠲᠦᠷᠦ ᠶᠢᠨ ᠶᠣᠰᠣ ᠳᠦᠷᠢᠮ ᠪᠣᠯᠣᠨ | ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠰᠦᠯᠵᠢᠶ᠎ᠡ ᠶᠢ ᠬᠡᠷᠡᠭᠯᠡᠬᠦ ᠰᠣᠨᠣᠷ ᠰᠡᠷᠡᠮᠵᠢ ᠪᠠᠨ ᠴᠠᠭ ᠢᠮᠠᠭᠲᠠ ᠪᠠᠲᠤᠯᠠᠵᠤ᠂ ᠬᠠᠮᠢᠭ᠎ᠠ | ᠴᠦ ᠭᠡᠰᠡᠨ ᠰᠦᠯᠵᠢᠶᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠢ᠃ | ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ | ᠱᠠᠲᠤ ᠱᠠᠲᠤ ᠪᠠᠷ ᠴᠢᠩᠭ᠎ᠠ ᠪᠣᠳᠠᠲᠠᠶᠢᠵᠢᠭᠤᠯᠵᠤ᠂ ᠺᠠᠳ᠋ᠷ ᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠤ ᠳᠠᠮᠵᠢᠭᠤᠯᠭ᠎ᠠ ᠶᠢᠨ | ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠪᠣᠯᠪᠠᠰᠤᠨ ᠬᠠᠤᠯᠢᠵᠢᠯ᠂ ᠡᠷᠡᠭᠦᠯ ᠡᠮᠬᠢ ᠳᠢᠭᠯᠢᠮ ᠲᠠᠢ ᠰᠦᠯᠵᠢᠶᠡᠨ ᠤ ᠣᠷᠴᠢᠨ ᠢ ᠬᠦᠴᠦ ᠪᠠᠨ ᠬᠠᠮᠲᠤᠳᠬᠠᠨ ᠪᠠᠶᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ |