ᠨᠢᠭᠡ᠂ ᠤᠳᠤᠷᠢᠳᠬᠤ ᠪᠠᠭ | ᠦ᠋ ᠱᠧᠩ ᠷᠦᠩ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠵᠠᠩ ᠯᠢ ᠹᠠᠩ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ | ᠶᠤᠸᠠᠨ ᠰᠢᠶᠤᠤ ᠮᠧᠶ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ | ᠭᠤᠤ ᠠᠨ ᠴᠢᠨ ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠡᠷᠬᠢᠯᠡᠭᠴᠢ | ᠭᠤᠤ ᠴᠢᠶᠠᠩ ᠨᠡᠶᠢᠭᠡᠮ ᠤᠨ ᠠᠵᠢᠯ ᠢ ᠠᠬᠢᠭᠤᠯᠬᠤ ᠲᠥᠪ ᠤᠨ ᠡᠷᠬᠢᠯᠡᠭᠴᠢ | | | ᠬᠤᠶᠠᠷ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ︵ᠳᠣᠷᠣᠭᠰᠢ ᠲᠣᠭᠤᠷᠢᠭ ᠤᠨ ᠠᠷᠠᠳ ᠤᠨ | ᠶᠠᠪᠤᠳᠠᠯ ᠤᠨ ᠲᠣᠪᠴᠢᠶ᠎ᠠ ᠭᠡᠵᠦ ᠲᠣᠪᠴᠢᠯᠠᠨ᠎ᠠ︶ ᠨᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ | ᠰᠠᠯᠠᠭ᠎ᠠ ᠮᠥᠴᠢᠷ ᠪᠣᠯᠤᠨ᠎ᠠ᠃ | | ᠭᠤᠷᠪᠠ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠠᠷᠠᠳ ᠤᠨ ᠶᠠᠪᠤᠳᠠᠯ ᠤᠨ ᠠᠵᠢᠯ ᠤᠨ | ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ | ᠲᠣᠭᠤᠷᠢᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠢᠳᠪᠦᠷᠢᠲᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠠᠷᠠᠳ ᠤᠨ ᠶᠠᠪᠤᠳᠠᠯ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠣᠭᠤᠰᠢᠯᠠᠭᠤᠯᠣᠨ | ᠬᠡᠷᠡᠭᠵᠢᠭᠦᠯᠵᠦ᠂ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ | ᠨᠠᠶᠢᠳᠠᠪᠤᠷᠢᠵᠢᠭᠤᠯᠤᠨ᠂ ᠪᠦᠬᠦ ᠲᠣᠭᠤᠷᠢᠭ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠪᠠ | ᠠᠵᠢᠯ ᠲᠥᠷᠥᠯ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠪᠦᠬᠦ ᠲᠣᠭᠤᠷᠢᠭ ᠤᠨ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠩᠰᠠᠯᠠᠬᠤ᠂ ᠪᠤᠶᠢᠵᠢᠭᠤᠯᠬᠤ ᠪᠠ ᠬᠠᠮᠢᠶᠠᠷᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠳᠠᠩᠰᠠᠯᠠᠨ ᠬᠠᠮᠢᠶᠠᠷᠬᠤ ᠪᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠨ᠎ᠠ᠃ ᠪᠦᠬᠦ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ ᠵᠢᠯᠣᠭᠤᠳᠴᠤ᠂ | ᠲᠤᠭᠤᠷᠢᠭ ᠤᠨ ᠲᠣᠰ ᠱᠠᠲᠤᠨ ᠤ ᠰᠢᠭᠤᠳ ᠳᠠᠩᠰᠠᠯᠠᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵ᠭᠤᠷᠪᠠ︶ ᠪᠦᠬᠦ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠣᠯᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ | ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠤᠨ ᠠᠪᠤᠷᠠᠨ ᠲᠤᠰᠠᠯᠠᠬᠤ᠂ ᠪᠠᠴᠢᠮ ᠬᠦᠴᠢᠷᠳᠡᠯ ᠠᠴᠠ | ᠠᠪᠤᠷᠠᠨ ᠲᠤᠰᠠᠯᠠᠬᠤ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ | ︵ᠲᠦᠷᠪᠡ︶ ᠪᠦᠬᠦ ᠲᠣᠭᠤᠷᠢᠭ ᠤᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠣᠯᠤᠨ ᠨᠡᠶᠢᠭᠡᠮ ᠲᠣᠭᠤᠷᠢᠭ ᠤᠨ | ᠵᠠᠰᠠᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠣᠯᠤᠨ | ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ | ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠠᠬᠢᠭᠤᠯᠤᠨ᠎ᠠ᠃ | ︵ᠲᠠᠪᠤ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠪᠠ ᠭᠠᠵᠠᠷ ᠤᠨ | ᠨᠡᠷᠡᠶᠢᠳᠦᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ | ᠬᠤᠪᠢᠶᠠᠷᠢᠯᠠᠯ ᠢ ᠬᠤᠪᠢᠷᠠᠭᠤᠯᠬᠤ ᠶᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ | ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠭᠠᠵᠠᠷ ᠤᠨ ᠨᠡᠷᠡᠶᠢᠳᠦᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠤᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠦᠢᠯᠡᠴᠢᠯᠡᠭᠡᠨ ᠤ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠤᠷᠤᠭ ᠤᠨ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ | ︵ᠳᠤᠯᠤᠭ᠎ᠠ︶ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠦᠢᠯᠡᠴᠢᠯᠡᠭᠡᠨ ᠤ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ | ︵ᠨᠠᠢᠮᠠ︶ ᠪᠥᠬᠦ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠮᠳᠠᠭᠤᠯᠤᠨ | ᠵᠢᠯᠣᠭᠤᠳᠴᠤ᠂ ᠬᠢᠨᠠᠯᠲᠠ ᠲᠠᠯᠪᠢᠨ ᠬᠠᠮᠢᠶᠠᠷᠴᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ | ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ | ᠣᠨᠴᠠ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ | ︵ᠶᠢᠰᠦ︶ ᠪᠦᠬᠦ ᠲᠣᠭᠤᠷᠢᠭ ᠤᠨ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ | ᠵᠡᠮᠳᠡᠭᠴᠦᠳ ᠤᠨ ᠠᠰᠠᠷᠠᠮᠵᠢ ᠶᠢᠨ ᠳᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ | ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ︵ᠠᠷᠪᠠ︶ ᠬᠡᠦᠬᠡᠳ ᠤᠨ ᠠᠰᠠᠷᠠᠮᠵᠢ᠂ ᠥᠨᠥᠴᠢᠨ ᠬᠡᠦᠬᠡᠳ ᠤᠨ ᠪᠠᠲᠤᠯᠠᠭ᠎ᠠ᠂ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ | ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠡᠤᠬᠡᠳ ᠢ ᠡᠷᠭᠦᠨ ᠲᠡᠵᠢᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠤ ᠬᠡᠷ ᠲᠡᠭᠡᠨ | ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠪᠣᠯᠤᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠪᠠᠲᠤᠯᠠᠬᠤ ᠲᠦᠷᠢᠮ ᠢ | ᠪᠦᠷᠢᠨᠰᠢᠭᠦᠯᠦᠨ᠎ᠡ᠃ | ︵ᠠᠷᠪᠠᠨ ᠨᠢᠭᠡ︶ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠪᠣᠯᠤᠨ ᠨᠢᠭᠦᠯᠡᠰᠦᠩᠭᠦᠢ ᠶᠢᠨ ᠢᠲᠡᠭᠡᠮᠵᠢᠲᠦ | ᠨᠠᠶᠢᠳᠠᠯᠭ᠎ᠠ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃ | ︵ᠠᠷᠪᠠᠨ ᠬᠤᠶᠠᠷ︶ ᠨᠡᠶᠢᠭᠡᠮ ᠤᠨ ᠠᠵᠢᠯ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠠ ᠰᠠᠶᠢᠨ ᠳᠤᠷ᠎ᠠ ᠶᠢᠨ | ᠦᠢᠯᠡᠴᠢᠯᠡᠭᠴᠢ ᠶᠢᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠤᠨ᠎ᠠ᠃ | ︵ᠠᠷᠪᠠᠨ ᠭᠤᠷᠪᠠ︶ ᠲᠤᠭᠤᠷᠢᠭ ᠤᠨ ᠲᠤᠰ ᠱᠠᠲᠤᠨ ᠤ ᠠᠷᠠᠳ ᠤᠨ ᠶᠠᠪᠤᠳᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ | ᠬᠠᠮᠢᠶ᠎ᠠ ᠪᠦᠬᠦᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | ︵ᠠᠷᠪᠠᠨ ᠳᠥᠷᠪᠡᠳᠦᠭᠡᠷ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ | ᠪᠡᠶᠡᠯᠡᠭᠦᠯᠦᠨ᠎ᠡ᠃ | ︵ᠠᠷᠪᠠᠨ ᠲᠠᠪᠤ︶ ᠡᠭᠦᠷᠭᠡ ᠴᠢᠳᠠᠪᠤᠷᠢ ᠪᠠᠨ ᠬᠤᠪᠢᠷᠠᠭᠤᠯᠣᠨ᠎ᠠ᠃ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠤᠨ ᠠᠮᠢᠳᠤᠷᠠᠯ ᠤᠨ | ᠦᠨᠳᠦᠰᠦᠨ ᠪᠠᠲᠤᠯᠠᠭ᠎ᠠ ᠶᠢᠨ ᠡᠭᠦᠷᠭᠡ ᠴᠢᠳᠠᠪᠤᠷᠢ ᠪᠠᠨ ᠴᠢᠩᠭᠠᠳᠬᠠᠵᠤ᠂ ᠬᠦᠴᠢᠷᠳᠡᠯᠲᠡᠶ ᠣᠯᠠᠨ ᠲᠦᠮᠡᠨ᠂ ᠥᠨᠥᠴᠢᠨ ᠵᠡᠮᠳᠡᠭ ᠵᠡᠷᠭᠡ ᠣᠨᠴᠠᠭᠠᠶ ᠬᠥᠮᠦᠰ ᠲᠤ | ᠨᠡᠶᠢᠭᠡᠮ ᠤᠨ ᠦᠨᠳᠦᠰᠦᠨ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠠᠭᠤᠷᠠᠶ ᠭᠠᠵᠠᠷ ᠣᠷᠣᠨ᠂ ᠬᠦᠷᠢᠶ᠎ᠡ ᠴᠠᠷᠠᠭ᠎ᠠ ᠪᠠ ᠭᠤᠭᠴᠤᠭ᠎ᠠ ᠳᠠᠰᠢ ᠬᠡᠯᠪᠠᠶᠢᠯᠭᠡᠬᠦ ᠶᠢ | ᠠᠬᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠵᠡᠷᠭᠡ ᠣᠯᠠᠨ ᠡᠰᠢᠲᠦ ᠣᠷᠣᠯᠴᠠᠬᠤ ᠭᠤᠤᠯ ᠴᠣᠭᠴᠠ ᠶᠢ ᠢᠳᠡᠪᠬᠢᠲᠡᠶ ᠪᠠᠷ | ᠪᠤᠶᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ | ᠠᠬᠢᠭᠤᠯᠤᠨ᠎ᠠ᠃ | ︵ᠠᠷᠪᠠᠨ ᠵᠢᠷᠭᠤᠭ᠎ᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄ | 1. ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠤᠯᠪᠣᠭᠳᠠᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠄ | ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠪᠥᠬᠦ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ | ᠠᠬᠢᠭᠤᠯᠬᠤ᠂ ᠰᠢᠮᠳᠠᠭᠤᠯᠤᠨ ᠵᠢᠯᠣᠭᠤᠳᠬᠤ᠂ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠨᠠᠰᠤᠲᠠᠶᠢᠴᠤᠳ ᠤᠨ ᠠᠰᠠᠷᠠᠮᠵᠢ ᠪᠠ ᠣᠨᠴᠠᠭᠠᠶ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ ᠲᠣᠭᠤᠷᠢᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠥᠮᠦᠨ ᠠᠮᠠ ᠶᠢᠨ ᠨᠠᠰᠤᠵᠢᠯ ᠢ ᠠᠷᠭᠠᠴᠠᠬᠤ᠂ ᠡᠮᠨᠡᠬᠦ ᠪᠠ ᠠᠰᠠᠷᠠᠬᠤ ᠶᠢ ᠤᠶᠠᠯᠳᠤᠭᠤᠯᠬᠤ ᠠᠵᠢᠯ ᠤᠨ ᠬᠤᠯᠪᠣᠭᠳᠠᠯ | ᠪᠦᠬᠦᠢ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠵᠤ᠂ ᠨᠠᠰᠤᠲᠠᠶᠢᠴᠤᠳ ᠤᠨ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠣᠨ᠂ | ᠰᠢᠮᠳᠠᠭᠤᠯᠤᠨ ᠵᠢᠯᠣᠭᠤᠳᠴᠤ᠂ ᠵᠣᠬᠢᠶᠠᠨ ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ | ᠡᠮᠴᠢᠯᠡᠭᠡᠨ ᠤ ᠬᠠᠷᠠᠭᠠᠯᠵᠠᠨ ᠠᠰᠠᠷᠠᠬᠤ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠶᠢᠷ᠎ᠠ ᠬᠠᠯᠠᠮᠵᠢ ᠶᠢᠨ ᠦᠢᠯᠡᠴᠢᠯᠡᠭᠡ ᠵᠡᠷᠭᠡ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠡᠭᠦᠷᠭᠡᠯᠡᠨ᠎ᠡ᠃ | 2. ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠢᠶ᠎ᠠ ᠪᠠᠭᠰᠢ ᠲᠣᠭᠤᠷᠢᠭ ᠤᠨ ᠬᠤᠪᠢᠶᠠᠷᠢ ᠲᠣᠪᠴᠢᠶ᠎ᠠ ᠯᠤᠭ᠎ᠠ ᠬᠤᠯᠪᠣᠭᠳᠠᠯ | ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠶᠢᠨ ᠬᠢᠶ᠎ᠠ ᠪᠠᠭᠰᠢ ᠲᠣᠭᠤᠷᠢᠭ ᠤᠨ ᠬᠤᠪᠢᠶᠠᠷᠢ ᠲᠣᠪᠴᠢᠶ᠎ᠠ ᠲᠠᠢ ᠬᠠᠮᠲᠤᠷᠠᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠮᠡᠳᠡᠭᠡ ᠵᠠᠩᠭᠢ ᠵᠢᠴᠢ | ᠵᠠᠰᠠᠭ ᠵᠠᠬᠢᠷᠭᠠᠨ ᠤ ᠲᠣᠭᠤᠷᠢᠭ ᠤᠨ ᠬᠤᠪᠢᠶᠠᠷᠢᠯᠠᠯ ᠤᠨ ᠵᠢᠷᠤᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ | | ᠳᠥᠷᠪᠡ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠣᠷᠣᠭᠰᠢ ᠬᠡᠳᠣᠨ ᠳᠣᠲᠣᠭᠠᠳᠤ ᠶᠢᠨ ᠪᠠᠶᠢᠭᠤᠯᠤᠮᠵᠢ ᠲᠠᠢ᠄ | ︵ᠨᠢᠭᠡ︶ ᠶᠡᠷᠦᠩᠬᠡᠢ ᠠᠯᠪᠠᠨ ᠭᠡᠷ᠄ | ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ | ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠵᠡᠷᠭᠡ | ᠠᠵᠢᠯ ᠢ ᠡᠭᠦᠷᠭᠡᠯᠡᠨ᠎ᠡ᠃ ᠠᠷᠠᠳ ᠤᠨ ᠶᠠᠪᠤᠳᠠᠯ ᠤᠨ ᠠᠵᠢᠯ ᠯᠤᠭ᠎ᠠ ᠬᠤᠯᠪᠣᠭᠳᠠᠬᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ | ᠲᠥᠰᠦᠯ ᠤᠨ ᠰᠠᠨᠠᠭᠤᠯᠭ᠎ᠠ ᠳᠤᠷᠠᠳᠬᠤ ᠶᠢ ᠬᠠᠷᠢᠭᠤᠴᠠᠨ᠎ᠠ᠃ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ | ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠬᠠᠷᠢᠭᠤᠴᠠᠵᠤ᠂ | ᠪᠠᠶᠢᠭᠤᠯᠭ᠎ᠠ ᠶᠢᠨ ᠠᠵᠢᠯᠲᠠᠨ ᠤ ᠶᠠᠪᠤᠳᠠᠯ᠂ ᠬᠥᠳᠡᠯᠮᠦᠷᠢ ᠴᠠᠯᠢᠩ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠭᠤᠯᠤᠯ ᠵᠢᠴᠢ | ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ | ᠪᠦᠬᠦ ᠲᠣᠭᠤᠷᠢᠭ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠠᠷᠠᠳ ᠤᠨ ᠶᠠᠪᠤᠳᠠᠯ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠬᠠᠷᠢᠭᠤᠴᠠᠨ ᠲᠣᠭᠲᠠᠭᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ᠂ | ᠲᠣᠭᠤᠷᠢᠭ ᠤᠨ ᠲᠤᠰ ᠱᠠᠲᠤᠨ ᠤ ᠡᠳ᠋ ᠤᠨ ᠵᠠᠰᠠᠭ ᠠᠴᠠ ᠰᠠᠯᠭᠠᠨ ᠥᠭᠭᠦᠭᠰᠡᠨ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠪᠡᠯᠡ ᠮᠥᠩᠭᠦ ᠶᠢᠨ | ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠠᠷᠠᠳ ᠤᠨ ᠶᠠᠪᠤᠳᠠᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠪᠠ ᠪᠠᠶᠢᠭᠤᠯᠭ᠎ᠠ ᠵᠢᠴᠢ | ᠬᠠᠷᠢᠶ᠎ᠠ ᠨᠢᠭᠡᠴᠢ ᠶᠢᠨ ᠲᠥᠰᠦᠪ ᠪᠠ ᠲᠥᠰᠦᠪ ᠤᠨ ᠭᠦᠢᠴᠡᠳᠬᠡᠯ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠤᠳᠤᠬᠤ | ᠠᠵᠢᠯ ᠢ ᠡᠭᠦᠷᠭᠡᠯᠡᠨ᠎ᠡ᠃ | ︵ᠬᠤᠶᠠᠷ︶ ᠶᠡᠷᠥᠩᠬᠡᠶᠢᠯᠡᠭᠰᠡᠨ ᠲᠣᠬᠠᠶᠢᠯᠠᠭᠰᠠᠨ ᠠᠵᠢᠯ ᠤᠨ ᠲᠠᠰᠤᠭ᠄ | ᠪᠦᠬᠦ ᠲᠣᠭᠤᠷᠢᠭ ᠤᠨ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢ ᠳᠠᠩᠰᠠᠯᠠᠬᠤ᠂ ᠪᠤᠶᠢᠵᠢᠭᠤᠯᠬᠤ ᠪᠠ ᠬᠢᠨᠠᠨ ᠬᠠᠮᠢᠶᠠᠷᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠳᠠᠩᠰᠠᠯᠠᠨ ᠬᠠᠮᠢᠶᠠᠷᠬᠤ ᠪᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ᠎ᠠ᠃ | ᠪᠦᠬᠦ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡ ᠬᠤᠳᠠᠯᠳᠤᠨ ᠠᠪᠬᠤ ᠠᠵᠢᠯ ᠢ ᠥᠷᠨᠢᠭᠦᠯᠦᠨ᠎ᠡ᠃ ᠲᠣᠪᠴᠢᠶᠠᠨ ᠤ | ᠪᠠᠶᠢᠭᠤᠯᠭ᠎ᠠ ᠶᠢᠨ ᠭᠤᠶᠤᠴᠢᠯᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ᠂ ᠨᠤᠲᠠᠯᠠᠯᠲᠠ᠂ ᠱᠠᠩᠨᠠᠯ᠂ ᠣᠯᠭᠤᠬᠤ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ᠂ | ᠬᠢᠨᠠᠨ ᠵᠥᠪᠰᠢᠶᠡᠷᠡᠬᠦ᠂ ᠰᠢᠯᠵᠢᠭᠦᠯᠦᠨ ᠮᠡᠳᠡᠭᠦᠯᠬᠦ ᠵᠡᠷᠭᠡ ᠠᠵᠢᠯ ᠪᠠ ᠡᠳᠦᠷ ᠲᠤᠲᠤᠮ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠷᠥᠯ ᠵᠡᠷᠭᠡ ᠵᠦᠢᠯᠡᠰ ᠢ ᠬᠢᠨᠠᠨ | ᠬᠠᠷᠭᠤᠭᠤᠯᠬᠤ᠂ ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠡᠯ᠎ᠡ ᠲᠠᠰᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠠᠷᠤ | ᠲᠠᠯ᠎ᠠ ᠶᠢᠨ ᠳᠡᠮᠵᠢᠯᠭᠡ ᠶᠢᠨ ᠠᠵᠢᠯ ᠢ ᠵᠣᠬᠢᠴᠠᠭᠤᠯᠬᠤ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠵᠡᠷᠭᠡ ᠠᠵᠢᠯ ᠢ ᠬᠠᠷᠢᠭᠤᠴᠠᠨ᠎ᠠ᠃ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠪᠣᠯᠤᠨ | ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ | ᠲᠤᠭᠤᠷᠪᠢᠨ ᠲᠣᠭᠲᠠᠭᠠᠨ᠎ᠠ᠃ ᠨᠡᠶᠢᠭᠡᠮ ᠤᠨ ᠠᠵᠢᠯ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠠ ᠰᠠᠶᠢᠨ ᠳᠤᠷ᠎ᠠ ᠶᠢᠨ | ᠦᠢᠯᠡᠴᠢᠯᠡᠭᠴᠢ ᠶᠢᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ | ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠨᠡᠶᠢᠭᠡᠮ | ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ | ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ | ᠪᠠᠶᠢᠭᠤᠯᠤᠯᠲᠠ ᠶᠢ ᠠᠬᠢᠭᠤᠯᠤᠨ᠎ᠠ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ | ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ᠂ ᠪᠠᠴᠢᠮ ᠬᠦᠴᠢᠷᠳᠡᠯ ᠠᠴᠠ ᠠᠪᠤᠷᠠᠨ ᠲᠤᠰᠠᠯᠠᠬᠤ ᠵᠡᠷᠭᠡ ᠨᠡᠶᠢᠭᠡᠮ ᠤᠨ | ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠪᠣᠯᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠨᠡᠶᠢᠭᠡᠮ ᠤᠨ ᠲᠡᠩᠬᠡᠷᠡᠭᠦᠯᠦᠨ | ᠲᠤᠰᠠᠯᠠᠬᠤ ᠰᠢᠰᠲ᠋ᠧᠮᠵᠢ ᠶᠢ ᠪᠦᠷᠢᠨᠰᠢᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠲᠣᠭᠤᠷᠢᠭ ᠤᠨ ᠡᠳ᠋ ᠤᠨ ᠵᠠᠰᠠᠭ ᠤᠨ ᠬᠦᠴᠢᠷᠳᠡᠯᠲᠡᠶ ᠣᠯᠠᠨ | ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠶᠢ ᠬᠤᠪᠢᠶᠠᠷᠢᠯᠠᠬᠤ ᠪᠠ ᠬᠢᠨᠠᠨ ᠬᠠᠮᠢᠶᠠᠷᠬᠤ ᠠᠵᠢᠯ ᠢ ᠳᠠᠭᠠᠭᠠᠨ ᠭᠦᠢᠴᠡᠳᠭᠡᠨ᠎ᠡ᠃ ᠬᠤᠲᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ | ᠮᠥᠩᠭᠦ᠂ ᠬᠤᠲᠠ ᠬᠥᠳᠡᠭᠡ ᠶᠢᠨ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠥᠭᠬᠦ ᠪᠠ ᠬᠤᠲᠠ ᠪᠠᠯᠭᠠᠰᠤ ᠶᠢᠨ ᠣᠷᠣᠯᠭ᠎ᠠ ᠪᠠᠭᠠᠲᠠᠶ ᠭᠡᠷ ᠪᠦᠯᠢ ᠶᠢ ᠦᠨᠡᠮᠰᠢᠬᠦ | ᠠᠵᠢᠯ ᠢ ᠥᠷᠨᠢᠭᠦᠯᠦᠨ᠎ᠡ᠃ ᠡᠮ ᠡᠮᠨᠡᠯᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠬᠠᠤᠯᠢ ᠴᠠᠭᠠᠵᠠ ᠵᠡᠷᠭᠡ ᠠᠪᠤᠷᠠᠨ ᠲᠤᠰᠠᠯᠠᠬᠤ | ᠬᠠᠮᠢᠶ᠎ᠠ ᠪᠦᠬᠦᠢ ᠠᠷᠭ᠎ᠠ ᠶᠢ ᠲᠣᠭᠲᠠᠭᠠᠬᠤ ᠳᠤ ᠣᠷᠣᠯᠴᠠᠨ᠎ᠠ᠃ | ᠤᠷᠤᠭ ᠤᠨ ᠵᠠᠩ ᠳᠠᠳᠬᠠᠯ ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠷᠤᠭ ᠤᠨ ᠶᠠᠪᠤᠳᠠᠯ᠂ ᠣᠷᠣᠰᠢᠭᠤᠯᠭ᠎ᠠ᠂ | ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠯ ᠭᠤᠶᠢᠷᠠᠨᠴᠢᠳ ᠢ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ | ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠡᠮᠳᠡᠭᠴᠦᠳ ᠢ ᠲᠥᠪᠯᠡᠷᠡᠭᠦᠯᠦᠨ ᠠᠵᠢᠯ ᠣᠯᠭᠤᠬᠤ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ | ᠲᠣᠭᠲᠠᠭᠠᠬᠤ ᠳᠤ ᠣᠷᠣᠯᠴᠠᠵᠤ᠂ ᠣᠷᠤᠭ ᠳᠠᠩᠰᠠᠯᠠᠬᠤ ᠪᠠᠶᠢᠭᠤᠯᠭ᠎ᠠ ᠪᠠ ᠵᠡᠮᠳᠡᠭᠴᠦᠳ ᠤᠨ ᠨᠡᠶᠢᠭᠡᠮ ᠤᠨ ᠠᠰᠠᠷᠠᠮᠵᠢ᠂ ᠣᠷᠣᠰᠢᠭᠤᠯᠭ᠎ᠠ ᠶᠢᠨ ᠦᠢᠯᠡᠴᠢᠯᠡᠭᠡ᠂ | ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠯ ᠭᠤᠶᠢᠷᠠᠨᠴᠢᠳ ᠢ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠮᠢᠶ᠎ᠠ ᠪᠦᠬᠦᠢ ᠠᠵᠢᠯ ᠢ | ᠵᠢᠯᠣᠭᠤᠳᠤᠨ᠎ᠠ᠃ ᠤᠷᠤᠭ ᠳᠠᠩᠰᠠᠯᠠᠬᠤ ᠠᠵᠢᠯ ᠢ ᠥᠷᠨᠢᠭᠦᠯᠵᠦ ᠭᠡᠷ ᠪᠦᠯᠢ ᠶᠢᠨ ᠬᠦᠴᠦᠷᠬᠡᠭᠯᠡᠯ ᠤᠨ ᠬᠤᠬᠢᠷᠠᠯ ᠠᠮᠰᠠᠭᠴᠢ ᠶᠢ ᠬᠠᠮᠠᠭᠠᠯᠠᠵᠤ ᠠᠪᠤᠷᠠᠨ ᠲᠤᠰᠠᠯᠠᠬᠤ | ᠠᠵᠢᠯ ᠢ ᠥᠷᠨᠢᠭᠦᠯᠦᠨ᠎ᠡ᠃ ᠪᠦᠬᠦ ᠲᠣᠭᠤᠷᠢᠭ ᠤᠨ ᠵᠠᠰᠠᠭ ᠵᠠᠬᠢᠷᠭᠠᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠪᠣᠯᠤᠨ ᠭᠠᠵᠠᠷ ᠤᠨ | ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠵᠢᠴᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠦᠷᠢᠮ ᠲᠣᠭᠲᠠᠭᠠᠯ ᠢ | ᠲᠤᠭᠤᠷᠪᠢᠨ ᠲᠣᠭᠲᠠᠭᠠᠨ᠎ᠠ᠃ ᠵᠠᠰᠠᠭ ᠵᠠᠬᠢᠷᠭᠠᠨ ᠤ ᠣᠷᠣᠨ ᠢ ᠪᠠᠶᠢᠭᠤᠯᠬᠤ᠂ ᠬᠠᠰᠤᠬᠤ᠂ ᠬᠠᠯᠠᠬᠤ᠂ ᠬᠠᠷᠢᠶᠠᠯᠠᠭᠳᠠᠬᠤ ᠬᠠᠷᠢᠴᠠᠭ᠎ᠠ ᠶᠢ ᠬᠤᠪᠢᠷᠠᠭᠤᠯᠬᠤ ᠪᠠ | ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠨᠡᠭᠦᠯᠭᠡᠬᠦ ᠶᠢᠨ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠳᠠᠭᠠᠭᠠᠨ ᠬᠢᠨ᠎ᠡ᠃ ᠪᠦᠬᠦ | ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠦᠬᠦ | ᠲᠣᠭᠤᠷᠢᠭ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠥᠭᠡᠷᠭᠦ ᠬᠤᠲᠠ ᠬᠥᠳᠡᠭᠡ ᠶᠢᠨ ᠭᠠᠵᠠᠷ ᠤᠨ ᠨᠡᠷ᠎ᠡ ᠶᠢᠨ ᠲᠡᠮᠳᠡᠭ | ᠪᠠᠶᠢᠷᠢᠯᠠᠭᠤᠯᠬᠤ ᠪᠠ ᠬᠠᠮᠢᠶᠠᠷᠬᠤ ᠠᠵᠢᠯ ᠢ ᠵᠢᠯᠣᠭᠤᠳᠤᠨ᠎ᠠ᠃ ᠪᠠᠷᠢᠮᠵᠢᠶᠠᠲᠤ ᠭᠠᠵᠠᠷ ᠤᠨ ᠨᠡᠷ᠎ᠡ ᠶᠢᠨ ᠬᠡᠪᠯᠡᠭᠳᠡᠬᠦᠨ ᠢ ᠬᠢᠨᠠᠨ ᠲᠣᠭᠲᠠᠭᠠᠨ᠎ᠠ᠃ | ᠨᠠᠰᠤᠲᠠᠶᠢᠴᠤᠳ ᠤᠨ ᠠᠰᠠᠷᠠᠮᠵᠢ ᠶᠢᠨ ᠠᠵᠢᠯ ᠢ ᠡᠭᠦᠷᠭᠡᠯᠡᠵᠦ᠂ ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠥᠷᠢ ᠶᠢᠨ ᠲᠦᠷᠢᠮ ᠪᠠ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ | ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯ ᠢ ᠵᠣᠬᠢᠴᠠᠭᠤᠯᠤᠨ ᠠᠬᠢᠭᠤᠯᠵᠤ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠠᠰᠤᠲᠠᠶᠢᠴᠤᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ | ᠥᠨᠳᠥᠷ ᠨᠠᠰᠤᠨ ᠤ ᠨᠥᠬᠦᠪᠥᠷᠢ ᠵᠡᠷᠭᠡ ᠣᠯᠭᠤᠬᠤ ᠠᠵᠢᠯ ᠢ ᠬᠠᠷᠢᠭᠤᠴᠠᠨ᠎ᠠ᠃ ᠬᠡᠦᠬᠡᠳ ᠤᠨ ᠠᠰᠠᠷᠠᠮᠵᠢ᠂ ᠬᠡᠦᠬᠡᠳ ᠢ ᠡᠷᠭᠦᠨ ᠲᠡᠵᠢᠭᠡᠬᠦ ᠪᠠ ᠬᠡᠦᠬᠡᠳ ᠢ ᠠᠪᠤᠷᠠᠨ | ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ᠃ ᠬᠦᠳᠡᠭᠡ ᠲᠤᠰᠬᠤᠨ ᠤ ᠭᠡᠷ ᠲᠡᠭᠡᠨ ᠬᠤᠴᠤᠷᠤᠭᠰᠠᠨ ᠬᠡᠦᠬᠡᠳ ᠢ | ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃ | ᠬᠡᠦᠬᠡᠳ ᠤᠨ ᠠᠰᠠᠷᠠᠮᠵᠢ᠂ ᠡᠷᠭᠦᠨ ᠲᠡᠵᠢᠭᠡᠬᠦ ᠶᠢ ᠳᠠᠩᠰᠠᠯᠠᠬᠤ᠂ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ | ᠵᠢᠯᠣᠭᠤᠳᠤᠨ᠎ᠠ᠃ | | | | | ᠬᠠᠶ᠋ᠢᠭ᠄ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠵᠡᠭᠦᠨ ᠠᠰᠠᠷ ᠤᠨ 5 ᠳ᠋ᠤᠭᠠᠷ ᠲᠠᠪᠬᠤᠷ | ᠠᠵᠢᠯᠯᠠᠬᠤ ᠴᠠᠭ᠄ ᠦᠳᠡ ᠶᠢᠨ ᠡᠮᠦᠨ᠎ᠡ 9᠄ 00-12᠄ 00-17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠭᠤᠴᠠᠯᠭᠠᠲᠠᠨ᠄ ᠦ᠋ ᠱᠧᠩ ᠷᠥᠩ | ᠬᠠᠷᠢᠯᠴᠠᠬᠤ ᠤᠲᠠᠰᠤ᠄ 0477-8599776 | | | |